ᠮᠠᠨ ᠤ ᠰᠢᠶᠠᠨ 2024 ᠣᠨ ᠤ ︽ᠵᠠᠭᠤᠨ ᠡᠳᠦᠷ ᠤᠨ ᠮᠢᠩᠭᠠᠨ ᠲᠦᠮᠡᠨ ᠠᠵᠢᠯᠲᠠᠨ ᠡᠯᠰᠡᠬᠦ ᠲᠤᠰᠬᠠᠶ ᠠᠵᠢᠯᠯᠠᠭ᠎ᠠ︾ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 25᠎ ᠤ ᠡᠳᠦᠷ᠂ ᠪᠡᠭᠡᠵᠢᠩ ᠬᠤᠲᠠ ᠶᠢᠨ ᠶᠠᠨ ᠴᠢᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠩ ᠾᠧ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠩ ᠾᠧ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠲᠤᠷᠠᠨ ᠡᠷᠭᠢᠯᠡᠭᠰᠡᠨ 2024 ᠣᠨ ᠤ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ︽ᠵᠠᠭᠤᠨ ᠡᠳᠦᠷ ᠤᠨ ᠮᠢᠩᠭ᠎ᠠ ᠲᠦᠮᠡᠨ ᠠᠵᠢᠯᠲᠠᠨ ᠡᠯᠰᠡᠬᠦ ᠲᠤᠰᠬᠠᠶ ᠠᠵᠢᠯᠯᠠᠭ᠎ᠠ︾ ᠵᠢᠴᠢ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠵᠣᠨ ᠤ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠡᠯᠰᠡᠬᠦ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠮᠠᠨ ᠤ ᠰᠢᠶᠠᠨ ᠤ ᠰᠢᠨ ᠴᠧᠩ ᠲᠠᠯᠠᠪᠠᠶ ᠳᠤ ᠶᠠᠪᠤᠭᠳᠠᠪᠠ᠃ ᠰᠢᠶᠠᠨ ᠤ ᠤᠳᠤᠷᠢᠳᠤᠯᠭ᠎ᠠ ᠸᠠᠩ ᠵᠧᠩ ᠢ ᠠᠵᠢᠯᠲᠠᠨ ᠡᠯᠰᠡᠬᠦ ᠬᠤᠷᠠᠯ ᠳᠤ ᠣᠷᠣᠯᠴᠠᠪᠠ᠃      ᠲᠣᠰ ᠤᠳᠠᠭᠠᠨ ᠤ ᠠᠵᠢᠯᠯᠠᠭ᠎ᠠ ᠨᠢ ᠣᠳᠣᠬᠠᠨ ᠤ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠭᠤᠤᠯᠳᠠᠯᠭ᠎ᠠ ᠲᠠᠢ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠢᠯ ᠣᠯᠵᠤ ᠢᠷᠡᠭᠡᠳᠦᠶ ᠪᠠᠨ ᠴᠣᠭᠴᠠᠯᠠᠬᠤ︾᠎ ᠪᠠᠷ ᠭᠤᠤᠯ ᠰᠡᠳᠦᠪ ᠪᠣᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠡᠯ᠎ᠡ ᠲᠥᠷᠥᠯ ᠤᠨ ᠬᠥᠳᠡᠯᠮᠦᠷᠢᠯᠡᠭᠴᠢᠳ ᠂ ᠵᠢᠴᠢ ᠠᠵᠢᠯᠲᠠᠨ ᠡᠯᠰᠡᠬᠦ ᠬᠡᠷᠡᠭᠴᠡᠭᠡ ᠪᠥᠬᠦᠶ ᠭᠤᠤᠯᠳᠠᠯᠭ᠎ᠠ ᠲᠠᠢ ᠠᠵᠤ ᠠᠬᠤᠶᠢᠯᠠᠯ ᠪᠠ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠢ ᠠᠴᠠ ᠦᠢᠯᠡᠴᠢᠯᠡᠭᠡᠨ ᠤ ᠡᠲᠡᠭᠡᠳ ᠢᠶᠠᠨ ᠪᠣᠯᠭᠠᠵᠤ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠰᠢᠭᠤᠳ ᠨᠡᠪᠲᠡᠷᠡᠭᠦᠯᠵᠦ ᠠᠵᠢᠯ ᠤᠨ ᠪᠠᠶᠢᠷᠢ ᠶᠢ ᠳᠠᠭᠠᠭᠤᠯᠬᠤ︾ ᠬᠡᠯᠪᠡᠷᠢ ᠪᠠᠷ ᠠᠵᠢᠯ ᠣᠯᠭᠤᠬᠤ ᠠᠵᠢᠯ ᠤᠨ ᠪᠠᠶᠢᠷᠢ ᠶᠢ ᠣᠨᠣᠪᠴᠢᠲᠠᠶ ᠬᠦᠷᠭᠡᠨ ᠥᠭᠴᠦ᠂ ᠪᠠᠷᠢᠯᠭ᠎ᠠ᠂ ᠮᠠᠰᠢᠨ᠂ ᠺᠣᠮᠫᠢᠦ᠋ᠲ᠋ᠧᠷ᠂ ᠡᠮ ᠡᠮᠨᠡᠯᠭᠡ ᠡᠷᠡᠭᠦᠯ ᠬᠠᠮᠠᠭᠠᠯᠠᠯ᠂ ᠬᠢᠮᠢ ᠶᠢᠨ ᠠᠵᠤ ᠦᠢᠯᠡᠳᠪᠦᠷᠢ᠂ ᠵᠠᠷ ᠮᠡᠳᠡᠭᠡ ᠤᠯᠠᠮᠵᠢᠯᠠᠬᠤ ᠵᠠᠭᠤᠴᠢ ᠵᠡᠷᠭᠡ ᠣᠯᠠᠨ ᠬᠦᠷᠢᠶᠡᠨ ᠤ 1003 ᠠᠵᠢᠯ ᠤᠨ ᠪᠠᠶᠢᠷᠢ ᠬᠠᠩᠭᠠᠵᠤ᠂ ᠠᠵᠢᠯ ᠡᠷᠢᠭᠰᠡᠳ ᠬᠥᠮᠦᠨ ᠬᠡᠷᠡᠭᠯᠡᠬᠦ ᠨᠢᠭᠡᠴᠡ ᠲᠠᠢ ᠰᠢᠭᠤᠳ ᠰᠣᠯᠢᠯᠴᠠᠬᠤ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠪᠡ᠃      ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ᠂ ᠬᠥᠮᠦᠨ ᠬᠠᠷ᠎ᠠ ᠬᠤᠷᠠᠨ ᠴᠤᠭᠯᠠᠷᠠᠵᠤ᠂ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠠᠵᠢᠯ ᠡᠷᠢᠭᠰᠡᠳ ᠠᠵᠢᠯᠲᠠᠨ ᠡᠯᠰᠡᠬᠦ ᠠᠵᠤ ᠠᠬᠤᠶᠢᠯᠠᠯ ᠤᠨ ᠡᠮᠦᠨ᠎ᠡ ᠵᠣᠭᠰᠣᠬᠤ᠂ ᠠᠰᠠᠭᠤᠨ ᠯᠠᠪᠯᠠᠬᠤ᠂ ᠵᠥᠪᠳᠡᠯᠴᠡᠬᠦ᠂ ᠠᠵᠢᠯ ᠤᠨ ᠪᠠᠶᠢᠷᠢ᠂ ᠴᠠᠯᠢᠩ ᠬᠥᠯᠥᠰᠥ ᠵᠡᠷᠭᠡ ᠪᠠᠶᠢᠳᠠᠯ ᠢ ᠣᠶᠢᠯᠠᠭᠠᠵᠤ᠂ ᠬᠠᠮᠲᠤᠷᠠᠯᠴᠠᠭᠠᠨ ᠤ ᠰᠠᠨᠠᠮᠵᠢ ᠲᠠᠢ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠳᠡᠩᠰᠡᠯᠡᠯᠲᠡ ᠬᠢᠪᠠ᠃ ᠠᠵᠢᠯ ᠡᠷᠢᠵᠦ ᠪᠠᠶᠢᠭ᠎ᠠ ᠴᠥᠭᠡᠨ ᠪᠤᠰᠤ ᠬᠥᠮᠦᠰ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠲᠡᠳᠡᠨ ᠳᠤ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠢ ᠣᠶᠢᠯᠠᠭᠠᠬᠤ᠂ ᠠᠵᠢᠯ ᠤᠨ ᠪᠠᠶᠢᠷᠢ ᠡᠷᠢᠬᠦ ᠲᠣᠬᠢᠶᠠᠯ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠲᠡᠳᠡᠨ ᠳᠤ ᠵᠠᠰᠠᠭ ᠤᠨ ᠣᠷᠳᠣᠨ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠴᠢᠬᠤᠯᠠᠴᠢᠯᠠᠵᠤ ᠪᠠᠶᠢᠬᠤ ᠪᠠ ᠳᠡᠮᠵᠢᠵᠦ ᠪᠠᠶᠢᠬᠤ ᠶᠢ ᠮᠡᠳᠡᠷᠡᠭᠦᠯᠵᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3