ᠸᠠᠩ ᠬᠤᠢ ᠢᠦᠢ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/29
     7 ᠰᠠᠷ᠎ᠠ ᠶᠢᠨ 26᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠵᠧᠦ ᠷᠦᠢ ᠵᠢᠶᠦ᠋ᠨ᠂ ᠭᠦᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠸᠠᠩ ᠬᠤᠢ ᠢᠦᠢ ᠰᠢᠶᠠᠨ ᠤ ᠴᠢ ᠵᠢᠶᠠ ᠶᠢᠩ ᠤᠰᠤᠨ ᠴᠥᠭᠦᠷᠥᠮ᠂ ᠶᠢᠨ ᠽᠢ ᠾᠧ ᠲᠣᠰᠬᠤᠨ ᠳᠤ ᠬᠦᠷᠴᠦ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠬᠥᠮᠦᠰ ᠤᠨ ᠵᠢᠵᠢᠭᠦᠷᠯᠡᠨ ᠰᠠᠬᠢᠬᠤ᠂ ᠤᠰᠤᠨ ᠲᠦᠪᠰᠢᠨ ᠢ ᠲᠤᠬᠢᠷᠠᠭᠤᠯᠬᠤ᠂ ᠬᠤᠭᠤᠯᠠᠢ ᠲᠣᠣᠷ ᠤᠨ ᠤᠰᠤ ᠵᠠᠯᠠᠬᠤ᠂ ᠤᠰᠤ ᠥᠩᠭᠡᠷᠡᠬᠦ ᠵᠠᠮ ᠳᠤ ᠰᠡᠷᠡᠮᠵᠢ ᠶᠢᠨ ᠲᠡᠮᠳᠡᠭ ᠲᠠᠯᠪᠢᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃      ᠸᠠᠩ ᠬᠤᠢ ᠢᠦᠢ ᠬᠡᠯᠡᠭᠰᠡᠨ ᠨᠢ᠂ ᠦᠶᠡᠷ ᠢ ᠰᠡᠷᠭᠡᠶᠢᠯᠡᠬᠦ ᠠᠵᠢᠯ ᠪᠦᠬᠦ ᠲᠠᠯ᠎ᠠ ᠳᠤ ᠬᠤᠯᠪᠣᠭᠳᠠᠨ᠎ᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠨ ᠪᠠᠶᠢᠴᠠ ᠬᠤᠲᠣᠭᠤᠷ ᠭᠠᠵᠠᠷ᠂ ᠤᠰᠤ ᠥᠩᠭᠡᠷᠡᠬᠦ ᠵᠠᠮ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠵᠢᠵᠢᠭᠦᠷᠯᠡᠭᠴᠢ ᠶᠢᠨ ᠠᠵᠢᠯ ᠤᠨ ᠪᠠᠶᠢᠷᠢ ᠳᠤ ᠪᠠᠶᠢᠬᠤ᠂ ᠵᠢᠵᠢᠭᠦᠷᠯᠡᠬᠦ ᠤᠲᠠᠰᠤ ᠴᠠᠭ ᠢᠮᠠᠭᠲᠠ ᠰᠠᠭᠠᠳ ᠦᠭᠡᠢ ᠨᠡᠪᠲᠡᠷᠡᠬᠦ᠂ ᠪᠣᠷᠣᠭᠠᠨ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠬᠤ ᠶᠢ ᠪᠡᠶᠡᠯᠡᠭᠦᠯᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3