ᠰᠢᠩ ᠾᠧ ᠰᠢᠶᠠᠨ ᠤ ︽ᠤᠯᠠᠭᠠᠨ ᠠᠨᠠᠷ ᠰᠡᠳᠬᠢᠯ ᠨᠢᠭᠡᠳᠦᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠡᠷᠳᠡᠨᠢ ᠪᠠᠯᠭᠠᠰᠤᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/29
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 7 ᠰᠠᠷ᠎ᠠ ᠶᠢᠨ 26᠎ ᠤ ᠡᠳᠦᠷ᠂ ᠰᠢᠩ ᠾᠧ ᠰᠢᠶᠠᠨ ᠤ ︽ᠤᠯᠠᠭᠠᠨ ᠠᠨᠠᠷ ᠰᠡᠳᠬᠢᠯ ᠨᠢᠭᠡᠳᠦᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠡᠷᠳᠡᠨᠢ ᠪᠠᠯᠭᠠᠰᠤᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾᠎ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠤᠬᠴᠠᠵᠢᠭᠤᠯᠤᠬᠰᠠᠨ ᠦᠨᠳᠦᠰᠦᠨ ᠤᠯᠤᠰ ᠤᠨ ᠪᠠᠶᠢᠳᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠢ ᠠᠴᠢ ᠬᠤᠯᠪᠣᠭᠳᠠᠯ ᠢ ᠵᠠᠳᠠᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠤᠨ ᠲᠣᠭᠤᠷᠢᠨ ᠳᠤ ᠨᠠᠷᠢᠨ ᠨᠢᠮᠪᠠᠶ ᠲᠠᠶᠢᠯᠤᠮᠵᠢ ᠬᠢᠵᠦ᠂ ᠲᠦᠷᠢᠮ ᠢ ᠲᠣᠭᠲᠠᠭᠠᠭᠰᠠᠨ ᠠᠬᠤᠶ ᠪᠠᠶᠢᠳᠠᠯ᠂ ᠭᠤᠤᠯ ᠠᠭᠤᠯᠭ᠎ᠠ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠲᠠᠯ᠎ᠠ ᠪᠠᠷ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠭᠰᠡᠨ ᠪᠥᠭᠡᠳ ᠮᠡᠳᠡᠪᠡᠯ ᠵᠣᠬᠢᠬᠤ ᠠᠰᠠᠭᠤᠯᠲᠠ ᠬᠠᠷᠢᠭᠤᠯᠲᠠ ᠥᠭᠴᠦ᠂ ᠺᠠᠳ᠋ᠷ ᠣᠯᠠᠨ ᠲᠦᠮᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠪᠡ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠨᠠᠷᠢᠨ ᠨᠢᠮᠪᠠᠢ ᠪᠡᠯᠡᠳᠬᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ ᠢ ᠲᠠᠷᠬᠠᠭᠠᠵᠤ᠂ ᠤᠯᠠᠨ ᠤ ᠬᠤᠶᠢᠰᠢᠳᠠ ᠶᠢᠨ ᠰᠤᠷᠤᠯᠴᠠᠯᠭ᠎ᠠ ᠳᠤ ᠰᠤᠷᠤᠯᠴᠠᠬᠤ ᠡᠬᠢ ᠪᠠᠶᠠᠯᠢᠭ ᠬᠠᠩᠭᠠᠨ᠎ᠠ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠯᠤᠰ ᠬᠡᠲᠦ ᠶᠢᠨ ᠠᠴᠢ ᠬᠤᠯᠪᠣᠭᠳᠠᠯ ᠢ ᠤᠯᠠᠮ ᠨᠢᠭᠡ ᠠᠯᠬᠤᠮ ᠲᠠᠨᠢᠵᠤ᠂ ᠣᠯᠠᠨ ᠤ ᠦᠵᠡᠯ ᠰᠠᠨᠠᠭ᠎ᠠ ᠤᠯᠤᠰ ᠲᠥᠷᠥ ᠶᠢᠨ ᠤᠬᠠᠮᠰᠠᠷ ᠢ ᠳᠡᠭᠡᠭᠰᠢᠯᠡᠭᠦᠯᠦᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷ ᠢ ᠬᠥᠭᠵᠢᠭᠡᠪᠡ᠃          ᠵᠤᠬᠢᠶᠠᠭᠴᠢ᠄ ᠡᠷᠳᠡᠨᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3