ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠴᠣᠭᠴᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 7 ᠰᠠᠷ᠎ᠠ ᠶᠢᠨ | 26 ᠤ ᠡᠳᠦᠷ᠂ ᠰᠢᠩ ᠾᠧ ᠰᠢᠶᠠᠨ ᠤ ︽ᠤᠯᠠᠭᠠᠨ ᠠᠨᠠᠷ ᠰᠡᠳᠬᠢᠯ ᠨᠢᠭᠡᠳᠦᠨ ᠤᠬᠠᠭᠤᠯᠤᠨ ᠲᠠᠶᠢᠯᠪᠤᠷᠢᠯᠠᠬᠤ ᠪᠦᠯᠬᠦᠮ︾ | ᠡᠷᠳᠡᠨᠢ ᠪᠠᠯᠭᠠᠰᠤᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠤᠯᠠᠨ ᠡᠰᠢᠲᠦ ᠨᠢᠭᠡ ᠴᠤᠬᠴᠠᠵᠢᠭᠤᠯᠤᠬᠰᠠᠨ ᠦᠨᠳᠦᠰᠦᠨ ᠤᠯᠤᠰ ᠤᠨ ᠪᠠᠶᠢᠳᠠᠯ ᠵᠢᠴᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠢ ᠠᠴᠢ ᠬᠤᠯᠪᠣᠭᠳᠠᠯ ᠢ | ᠵᠠᠳᠠᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ᠤᠨ ᠲᠣᠭᠤᠷᠢᠨ ᠳᠤ ᠨᠠᠷᠢᠨ ᠨᠢᠮᠪᠠᠶ ᠲᠠᠶᠢᠯᠤᠮᠵᠢ ᠬᠢᠵᠦ᠂ ᠲᠦᠷᠢᠮ ᠢ ᠲᠣᠭᠲᠠᠭᠠᠭᠰᠠᠨ ᠠᠬᠤᠶ | ᠪᠠᠶᠢᠳᠠᠯ᠂ ᠭᠤᠤᠯ ᠠᠭᠤᠯᠭ᠎ᠠ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠲᠠᠯ᠎ᠠ ᠪᠠᠷ ᠪᠥᠬᠦ ᠲᠠᠯ᠎ᠠ ᠪᠠᠷ ᠲᠣᠳᠣᠷᠬᠠᠶᠢᠯᠠᠨ | ᠥᠭᠦᠯᠡᠭᠰᠡᠨ ᠪᠥᠭᠡᠳ ᠮᠡᠳᠡᠪᠡᠯ ᠵᠣᠬᠢᠬᠤ ᠠᠰᠠᠭᠤᠯᠲᠠ ᠬᠠᠷᠢᠭᠤᠯᠲᠠ ᠥᠭᠴᠦ᠂ ᠺᠠᠳ᠋ᠷ ᠣᠯᠠᠨ ᠲᠦᠮᠡᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠤᠬᠠᠶ | ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠪᠡ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠨᠠᠷᠢᠨ | ᠨᠢᠮᠪᠠᠢ ᠪᠡᠯᠡᠳᠬᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ ᠢ ᠲᠠᠷᠬᠠᠭᠠᠵᠤ᠂ ᠤᠯᠠᠨ ᠤ ᠬᠤᠶᠢᠰᠢᠳᠠ ᠶᠢᠨ ᠰᠤᠷᠤᠯᠴᠠᠯᠭ᠎ᠠ ᠳᠤ | ᠰᠤᠷᠤᠯᠴᠠᠬᠤ ᠡᠬᠢ ᠪᠠᠶᠠᠯᠢᠭ ᠬᠠᠩᠭᠠᠨ᠎ᠠ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ | ᠳᠠᠮᠵᠢᠭᠤᠯᠤᠨ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠣᠶ ᠪᠣᠯᠭᠠᠬᠤ ᠠᠯᠤᠰ ᠬᠡᠲᠦ ᠶᠢᠨ ᠠᠴᠢ ᠬᠤᠯᠪᠣᠭᠳᠠᠯ ᠢ ᠤᠯᠠᠮ ᠨᠢᠭᠡ ᠠᠯᠬᠤᠮ ᠲᠠᠨᠢᠵᠤ᠂ ᠣᠯᠠᠨ ᠤ ᠦᠵᠡᠯ ᠰᠠᠨᠠᠭ᠎ᠠ | ᠤᠯᠤᠰ ᠲᠥᠷᠥ ᠶᠢᠨ ᠤᠬᠠᠮᠰᠠᠷ ᠢ ᠳᠡᠭᠡᠭᠰᠢᠯᠡᠭᠦᠯᠦᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷ ᠢ | ᠬᠥᠭᠵᠢᠭᠡᠪᠡ᠃ | ᠵᠤᠬᠢᠶᠠᠭᠴᠢ᠄ ᠡᠷᠳᠡᠨᠢ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |