ᠸᠠᠩ ᠬᠤᠢ ᠢᠦᠢ ᠨᠠᠮ ᠤᠨ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2024/7/3
     7 ᠰᠠᠷ᠎ᠠ ᠶᠢᠨ 2᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠦᠷᠴᠦ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠬᠤᠶ ᠢᠦᠶ ᠨᠠᠮ ᠤᠨ ᠰᠤᠷᠭᠠᠭᠤᠯᠢ ᠶᠢᠨ ᠠᠯᠪᠠᠨ ᠠᠰᠠᠷ᠂ ᠭᠤᠤᠯ ᠰᠡᠳᠦᠪᠲᠦ ᠬᠢᠴᠢᠶᠡᠯ ᠤᠨ ᠭᠡᠷ᠂ ᠬᠤᠭᠤᠯᠠᠨ ᠭᠡᠷ ᠵᠡᠷᠭᠡ ᠲᠠᠯᠠᠪᠤᠷ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠸᠠᠩ ᠬᠤᠢ ᠢᠦᠢ ᠴᠢᠬᠤᠯᠠᠴᠢᠯᠠᠭᠰᠠᠨ ᠨᠢ᠂ ᠨᠠᠮ ᠤᠨ ᠰᠤᠷᠭᠠᠭᠤᠯᠢ ᠶᠢᠨ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠮᠥᠨ᠃ ᠨᠠᠮ ᠤᠨ ᠰᠤᠷᠭᠠᠭᠤᠯᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠰᠤᠷᠭᠠᠭᠤᠯᠢ ᠶᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠨᠠᠮ ᠤᠨ ᠰᠤᠷᠭᠠᠭᠤᠯᠢ ᠶᠢᠨ ᠦᠢᠯᠡᠰ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃      ᠳᠠᠷᠠᠭ᠎ᠠ ᠳᠤᠨᠢ᠂ ᠸᠠᠩ ᠬᠤᠢ ᠢᠦᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠭᠰᠢ ᠶᠢᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︽ᠨᠠᠮ ᠤᠨ ᠰᠤᠷᠭᠠᠭᠤᠯᠢ ᠪᠣᠯ ᠨᠠᠮ︾ ᠭᠡᠬᠦ ᠡᠨᠡ ᠬᠦ ᠦᠨᠳᠦᠰᠦᠨ ᠵᠠᠷᠴᠢᠮ ᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠵᠤ᠂ ᠨᠠᠮᠴᠢ ᠴᠢᠨᠠᠷ ᠤᠨ ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠣᠯᠤᠨ ᠴᠢᠳᠠᠪᠤᠷᠢ ᠬᠡᠪ ᠴᠢᠨᠠᠷ ᠤᠨ ᠳᠡᠭᠡᠭᠰᠢᠯᠡᠯᠲᠡ ᠶᠢ ᠪᠣᠳᠠᠲᠠᠢ ᠠᠳᠬᠤᠵᠤ᠂ ᠵᠢᠭᠠᠨ ᠰᠤᠷᠭᠠᠯᠲᠠ ᠶᠢᠨ ᠲᠠᠯ᠎ᠠ ᠪᠠᠷ ᠥᠪᠡᠷᠮᠢᠴᠡ ᠣᠨᠴᠠᠯᠢᠭ ᠲᠠᠢ ᠰᠣᠳᠣᠨ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠠᠰᠠᠭ ᠵᠠᠬᠢᠷᠭᠠᠨ ᠤ ᠬᠤᠷᠣᠭᠳᠠᠯ ᠤᠨ ᠴᠢᠨᠠᠷᠲᠠᠢ ᠵᠠᠷᠤᠯᠭ᠎ᠠ ᠶᠢ ᠵᠦᠢ ᠵᠣᠬᠢᠰᠲᠠᠢ ᠬᠢᠵᠠᠭᠠᠷᠯᠠᠵᠤ᠂ ᠡᠳ᠋ ᠤᠨ ᠵᠠᠰᠠᠭ ᠤᠨ ᠵᠠᠷᠤᠳᠠᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠲᠡᠰᠢ ᠬᠡᠯᠪᠠᠶᠢᠯᠭᠡᠬᠦ ᠶᠢ ᠤᠷᠢᠳᠠᠪᠠᠷ ᠪᠠᠲᠤᠯᠠᠬᠤ ᠬᠡᠷᠡᠭᠲᠡᠢ᠃ ᠰᠤᠷᠭᠠᠭᠤᠯᠢ ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ᠂ ᠨᠠᠮ ᠤᠨ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠴᠢᠳᠠᠮᠵᠢ ᠪᠠ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ᠃ ᠪᠠᠭᠰᠢ ᠶᠢᠨ ᠬᠦᠴᠦᠨ ᠢ ᠬᠦᠴᠦᠯᠡᠨ ᠳᠡᠭᠡᠭᠰᠢᠯᠡᠭᠦᠯᠵᠦ᠂ ︽ᠤᠷᠢᠵᠤ ᠠᠪᠴᠢᠷᠠᠬᠤ︾ ᠪᠠ ︽ᠭᠠᠳᠠᠭᠰᠢ ᠭᠠᠷᠬᠤ︾ ᠬᠤᠶᠠᠷ ᠲᠠᠯ᠎ᠠ ᠶᠢᠨ ᠠᠵᠢᠯ ᠢ ᠵᠡᠷᠭᠡ ᠪᠠᠷ ᠬᠢᠬᠦ ᠶᠢ ᠪᠠᠷᠢᠮᠲᠠᠯᠠᠵᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠵᠢᠭᠠᠨ ᠰᠤᠷᠭᠠᠯᠲᠠ ᠶᠢ ᠤᠶᠠᠯᠳᠤᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠵᠢᠭᠠᠨ ᠰᠤᠳᠤᠯᠬᠤ ᠳᠤᠭᠤᠶᠢᠯᠠᠩ ᠤᠨ ᠬᠠᠮᠲᠤ ᠪᠠᠷ ᠬᠢᠴᠢᠶᠡᠯ ᠪᠡᠯᠡᠳᠬᠡᠬᠦ ᠲᠦᠷᠢᠮ ᠢ ᠰᠦᠪᠡᠭᠴᠢᠯᠡᠨ ᠬᠡᠷᠡᠭᠵᠢᠭᠦᠯᠵᠦ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠰᠢᠯᠢᠳᠡᠭ ᠰᠤᠷᠲᠠᠯ ᠢ ᠪᠠᠳᠠᠷᠠᠭᠤᠯᠵᠤ᠂ ᠬᠢᠴᠢᠶᠡᠯ ᠤᠨ ᠪᠠᠶᠢᠷᠢᠯᠠᠭᠤᠯᠤᠯᠲᠠ ᠪᠠ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠬᠥᠭᠵᠢᠯᠲᠡ ᠶᠢᠨ ᠬᠡᠷᠡᠭᠴᠡᠭᠡ ᠪᠠ ᠺᠠᠳ᠋ᠷ ᠤᠨ ᠴᠢᠳᠠᠪᠤᠷᠢ ᠶᠢᠨ ᠳᠤᠲᠠᠭᠤᠳᠠᠯ ᠲᠠᠢ ᠨᠢᠭᠲᠠ ᠤᠶᠠᠯᠳᠤᠭᠤᠯᠤᠨ᠂ ᠰᠤᠳᠤᠯᠭᠠᠨ ᠤ ᠬᠡᠯᠪᠡᠷᠢ᠂ ᠬᠡᠷᠡᠭ ᠤᠨ ᠵᠢᠱᠢᠶ᠎ᠡ ᠮᠠᠶ᠋ᠢᠭ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠢᠭᠠᠨ ᠰᠤᠷᠭᠠᠯᠲᠠ ᠶᠢ ᠶᠡᠭᠡ ᠪᠠᠷ ᠬᠡᠷᠡᠭᠵᠢᠭᠦᠯᠵᠦ᠂ ᠤᠳᠤᠷᠢᠳᠬᠤ ᠺᠠᠳ᠋ᠷ᠂ ᠲᠤᠰᠬᠠᠶ ᠮᠡᠷᠭᠡᠵᠢᠯᠲᠡᠨ ᠡᠷᠳᠡᠮᠲᠡᠨ᠂ ᠦᠨᠳᠦᠰᠦᠨ ᠱᠠᠲᠤᠨ ᠤ ᠺᠠᠳ᠋ᠷ᠂ ᠲᠡᠷᠢᠭᠦᠨ ᠤ ᠨᠡᠶᠢᠲᠡᠯᠢᠭ ᠵᠢᠱᠢᠶ᠎ᠡ ᠵᠡᠷᠭᠡ ᠶᠢ ᠢᠳᠡᠪᠬᠢᠲᠡᠶ ᠪᠠᠷ ᠤᠷᠢᠵᠤ ᠬᠢᠴᠢᠶᠡᠯ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠨᠠᠩ ᠰᠠᠶᠢᠨ ᠬᠠᠪᠰᠤᠷᠤᠨ ᠤᠨᠤᠯ ᠤᠨ ᠬᠡᠪ ᠪᠣᠯᠪᠠᠰᠤᠷᠠᠯ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠪᠣᠯᠤᠨ ᠰᠤᠷᠤᠭᠴᠢᠳ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠯᠢᠳᠡᠭ ᠰᠤᠷᠭᠠᠭᠤᠯᠢ ᠶᠢᠨ ᠰᠤᠷᠲᠠᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠲᠦᠪᠰᠢᠨ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠶᠤᠸᠠᠢ ᠯᠢᠶᠠᠩ᠂ ᠵᠧᠦ ᠷᠦᠢ ᠵᠢᠶᠦ᠋ᠨ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3