ᠦ᠋ ᠭᠦ᠋ ᠴᠢᠤᠸᠠᠨ ᠰᠢᠶᠠᠩ 2024 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
     ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠠᠷᠢᠶ᠎ᠠ ᠣᠷᠣᠨ ᠤ ᠳᠣᠲᠣᠷᠠᠬᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ 7 ᠰᠠᠷ᠎ᠠ ᠶᠢᠨ 2᠎ ᠤᠨ ᠡᠳᠦᠷ᠂ ᠦ᠋ ᠭᠦ᠋ ᠴᠢᠤᠸᠠᠨ ᠰᠢᠶᠠᠩ 2024 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠠᠴᠠ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠦᠬᠦ ᠰᠢᠶᠠᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠦᠶᠡᠷ ᠤᠨ ᠬᠤᠭᠤᠴᠠᠭᠠᠨ ᠳᠤ ᠤᠷᠤᠭᠰᠠᠨ ᠨᠢ᠂ ᠡᠯ᠎ᠡ ᠲᠣᠰᠬᠤᠨ ᠤ ᠬᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠢᠮᠠᠭᠲᠠ ᠰᠡᠷᠡᠮᠵᠢᠯᠡᠯ ᠢ ᠪᠠᠲᠤᠯᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠲᠣᠰᠬᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠪᠣᠯᠤᠨ ᠴᠢᠬᠤᠯᠠ ᠠᠴᠢ ᠬᠤᠯᠪᠣᠭᠳᠠᠯ ᠢ ᠰᠡᠷᠭᠡᠭ ᠢᠶᠠᠷ ᠲᠠᠨᠢᠵᠤ᠂ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ᠃ ᠡᠯ᠎ᠡ ᠲᠣᠰᠬᠤᠨ ᠤ ᠬᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠰᠠᠶᠢᠲᠤᠷ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠮᠠᠷᠬᠠᠨ ᠶᠡᠭᠦᠷᠡᠬᠦ᠂ ᠨᠤᠷᠠᠭᠰᠠᠨ ᠭᠠᠵᠠᠷ ᠤᠨ ᠭᠠᠶ ᠭᠠᠮᠰᠢᠭ ᠤᠨ ᠳᠠᠯᠳᠠ ᠭᠡᠮ ᠤᠨ ᠴᠡᠭ᠂ ᠭᠤᠤᠯ ᠤᠨ ᠵᠠᠮ ᠭᠤᠤ ᠰᠤᠪᠠᠭ᠂ ᠯᠢᠨ ᠾᠧ ᠵᠠᠮ ᠵᠡᠷᠭᠡ ᠵᠠᠩᠭᠢᠯᠠᠭ᠎ᠠ ᠶᠢᠨ ᠬᠡᠰᠡᠭ ᠵᠢᠴᠢ ᠪᠤᠰᠤᠳ ᠪᠠᠭᠤᠷᠠᠶ ᠭᠤᠭᠴᠤᠭ᠎ᠠ᠂ ᠠᠶᠤᠯᠲᠠᠶ ᠣᠷᠣᠨ ᠪᠦᠰᠡ ᠶᠢ ᠴᠢᠩᠭ᠎ᠠ ᠠᠩᠬᠠᠷᠴᠤ ᠂ ᠪᠣᠷᠣᠭᠠᠨ ᠠᠴᠠ ᠡᠮᠦᠨ᠎ᠡ ᠵᠢᠭᠰᠠᠭᠠᠨ ᠪᠠᠶᠢᠴᠠᠭᠠᠬᠤ᠂ ᠪᠣᠷᠣᠭᠠᠨ ᠤ ᠳᠤᠮᠳᠠ ᠲᠣᠭᠤᠷᠢᠨ ᠪᠠᠶᠢᠴᠠᠭᠠᠬᠤ᠂ ᠪᠣᠷᠣᠭᠠᠨ ᠤ ᠳᠠᠷᠠᠭ᠎ᠠ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠳᠠᠯᠳᠠ ᠭᠡᠮ ᠤᠨ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠵᠤ᠂ ᠪᠥᠬᠦ ᠰᠢᠶᠠᠩ ᠤᠨ ᠠᠮᠤᠷ ᠲᠦᠪᠰᠢᠨ ᠲᠣᠭᠲᠠᠭᠤᠨ ᠢᠶᠠᠷ ᠦᠶᠡᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠲᠡᠯᠡᠭᠰᠡᠨ ᠡᠯ᠎ᠡ ᠲᠦᠷᠦᠯ ᠤᠨ ᠴᠠᠭ ᠠᠭᠤᠷ ᠤᠨ ᠪᠠᠶᠢᠳᠠᠯ ᠪᠣᠯᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠢᠮᠠᠭᠲᠠ ᠠᠩᠬᠠᠷᠴᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠠᠶᠤᠯ ᠲᠦᠭᠰᠢᠭᠦᠷᠢ ᠲᠣᠬᠢᠶᠠᠯᠳᠤᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠲᠦᠷᠭᠡᠨ ᠬᠥᠳᠡᠯᠦᠯᠴᠡᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠪᠠ ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠬᠤ ᠬᠡᠷᠡᠭᠲᠡᠢ᠃      ᠬᠤᠷᠠᠯ ᠠᠴᠠ᠂ ᠪᠢᠳᠡ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠪᠠᠶᠢᠳᠠᠯ᠂ ᠬᠦᠴᠦᠲᠡᠶ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠵᠦ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠰᠢᠶᠠᠩ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3