ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠠᠷᠢᠶ᠎ᠠ | ᠣᠷᠣᠨ ᠤ ᠳᠣᠲᠣᠷᠠᠬᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ 7 | ᠰᠠᠷ᠎ᠠ ᠶᠢᠨ 2 ᠤᠨ ᠡᠳᠦᠷ᠂ ᠦ᠋ ᠭᠦ᠋ ᠴᠢᠤᠸᠠᠨ ᠰᠢᠶᠠᠩ 2024 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠭᠰᠠᠨ ᠪᠥᠭᠡᠳ ᠪᠦᠬᠦ ᠰᠢᠶᠠᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠦᠶᠡᠷ ᠤᠨ ᠬᠤᠭᠤᠴᠠᠭᠠᠨ ᠳᠤ | ᠤᠷᠤᠭᠰᠠᠨ ᠨᠢ᠂ ᠡᠯ᠎ᠡ ᠲᠣᠰᠬᠤᠨ ᠤ ᠬᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ | ᠢᠮᠠᠭᠲᠠ ᠰᠡᠷᠡᠮᠵᠢᠯᠡᠯ ᠢ ᠪᠠᠲᠤᠯᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠬᠤ ᠬᠡᠷᠡᠭᠲᠡᠢ᠃ ᠡᠯ᠎ᠡ ᠲᠣᠰᠬᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠬᠦᠨᠳᠦ ᠨᠣᠴᠢᠲᠠᠢ ᠪᠠᠶᠢᠳᠠᠯ ᠪᠣᠯᠤᠨ ᠴᠢᠬᠤᠯᠠ ᠠᠴᠢ ᠬᠤᠯᠪᠣᠭᠳᠠᠯ ᠢ ᠰᠡᠷᠭᠡᠭ ᠢᠶᠠᠷ ᠲᠠᠨᠢᠵᠤ᠂ ︽ᠠᠮᠢ ᠨᠠᠰᠤ ᠶᠢ | ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ | ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠬᠤ ᠬᠡᠷᠡᠭᠲᠡᠶ᠃ ᠡᠯ᠎ᠡ ᠲᠣᠰᠬᠤᠨ ᠤ ᠬᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ | ᠰᠠᠶᠢᠲᠤᠷ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠮᠠᠷᠬᠠᠨ ᠶᠡᠭᠦᠷᠡᠬᠦ᠂ | ᠨᠤᠷᠠᠭᠰᠠᠨ ᠭᠠᠵᠠᠷ ᠤᠨ ᠭᠠᠶ ᠭᠠᠮᠰᠢᠭ ᠤᠨ ᠳᠠᠯᠳᠠ ᠭᠡᠮ ᠤᠨ ᠴᠡᠭ᠂ ᠭᠤᠤᠯ ᠤᠨ ᠵᠠᠮ ᠭᠤᠤ ᠰᠤᠪᠠᠭ᠂ ᠯᠢᠨ ᠾᠧ ᠵᠠᠮ | ᠵᠡᠷᠭᠡ ᠵᠠᠩᠭᠢᠯᠠᠭ᠎ᠠ ᠶᠢᠨ ᠬᠡᠰᠡᠭ ᠵᠢᠴᠢ ᠪᠤᠰᠤᠳ ᠪᠠᠭᠤᠷᠠᠶ ᠭᠤᠭᠴᠤᠭ᠎ᠠ᠂ ᠠᠶᠤᠯᠲᠠᠶ ᠣᠷᠣᠨ ᠪᠦᠰᠡ ᠶᠢ ᠴᠢᠩᠭ᠎ᠠ ᠠᠩᠬᠠᠷᠴᠤ | ᠂ ᠪᠣᠷᠣᠭᠠᠨ ᠠᠴᠠ ᠡᠮᠦᠨ᠎ᠡ ᠵᠢᠭᠰᠠᠭᠠᠨ ᠪᠠᠶᠢᠴᠠᠭᠠᠬᠤ᠂ ᠪᠣᠷᠣᠭᠠᠨ ᠤ ᠳᠤᠮᠳᠠ ᠲᠣᠭᠤᠷᠢᠨ ᠪᠠᠶᠢᠴᠠᠭᠠᠬᠤ᠂ ᠪᠣᠷᠣᠭᠠᠨ ᠤ | ᠳᠠᠷᠠᠭ᠎ᠠ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠳᠠᠯᠳᠠ ᠭᠡᠮ ᠤᠨ ᠠᠶᠤᠯ ᠲᠦᠭᠰᠢᠭᠦᠷᠢ ᠶᠢ | ᠴᠠᠭ ᠲᠤᠬᠠᠶ ᠳᠤᠨᠢ ᠠᠷᠢᠯᠭᠠᠵᠤ᠂ ᠪᠥᠬᠦ ᠰᠢᠶᠠᠩ ᠤᠨ ᠠᠮᠤᠷ ᠲᠦᠪᠰᠢᠨ ᠲᠣᠭᠲᠠᠭᠤᠨ ᠢᠶᠠᠷ ᠦᠶᠡᠷ ᠢ ᠥᠩᠭᠡᠷᠡᠭᠦᠯᠬᠦ ᠶᠢ | ᠪᠠᠲᠤᠯᠠᠬᠤ ᠬᠡᠷᠡᠭᠲᠡᠶ᠃ ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠶᠠᠩ᠂ | ᠲᠣᠰᠬᠤᠨ ᠬᠤᠶᠠᠷ ᠱᠠᠲᠤᠨ ᠤ ᠺᠠᠳ᠋ᠷ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ 24 ᠴᠠᠭ ᠢᠶᠠᠷ | ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠲᠡᠯᠡᠭᠰᠡᠨ ᠡᠯ᠎ᠡ ᠲᠦᠷᠦᠯ ᠤᠨ ᠴᠠᠭ ᠠᠭᠤᠷ ᠤᠨ ᠪᠠᠶᠢᠳᠠᠯ | ᠪᠣᠯᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠢᠮᠠᠭᠲᠠ ᠠᠩᠬᠠᠷᠴᠤ᠂ ᠮᠡᠳᠡᠭᠡ ᠵᠠᠩᠭᠢ ᠶᠢ ᠴᠠᠭ | ᠲᠤᠬᠠᠢ ᠳᠤᠨᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠠᠶᠤᠯ ᠲᠦᠭᠰᠢᠭᠦᠷᠢ ᠲᠣᠬᠢᠶᠠᠯᠳᠤᠪᠠᠯ ᠴᠠᠭ | ᠲᠤᠬᠠᠢ ᠳᠤᠨᠢ ᠳᠡᠭᠡᠭᠰᠢ ᠮᠡᠳᠡᠭᠦᠯᠵᠦ᠂ ᠲᠦᠷᠭᠡᠨ ᠬᠥᠳᠡᠯᠦᠯᠴᠡᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠪᠠ ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠬᠤ | ᠬᠡᠷᠡᠭᠲᠡᠢ᠃ | ᠬᠤᠷᠠᠯ ᠠᠴᠠ᠂ ᠪᠢᠳᠡ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ | ᠪᠠᠶᠢᠳᠠᠯ᠂ ᠬᠦᠴᠦᠲᠡᠶ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ | ᠬᠢᠵᠦ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ | ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ | ᠪᠠᠲᠤᠲᠠᠶ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠰᠢᠶᠠᠩ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ | ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |