ᠸᠠᠩ ᠬᠤᠢ ᠢᠦᠢ ᠪᠦᠯᠬᠦᠮ ᠳᠠᠭᠠᠭᠤᠯᠤᠨ ︽ᠨᠠᠢᠮᠠᠨ ᠰᠠᠷ᠎ᠠ ᠶᠢᠨ ᠨᠢᠭᠡᠨ︾᠎ ᠠᠴᠠ ᠡᠮᠦᠨᠡᠬᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/30
     7 ᠰᠠᠷ᠎ᠠ ᠶᠢᠨ 29᠎ ᠤ ᠡᠳᠦᠷ᠂ ︽8 · 1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠯᠬᠦᠮ ᠳᠠᠭᠠᠭᠤᠯᠤᠨ ᠰᠢᠶᠠᠨ ᠳᠤ ᠰᠠᠭᠤᠭ᠎ᠠ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢ ᠪᠣᠯᠤᠨ ᠮᠠᠨ ᠤ ᠰᠢᠶᠠᠨ ᠤ ᠬᠡᠰᠡᠭ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃ ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠵᠧᠦ ᠷᠦᠢ ᠵᠢᠶᠦ᠋ᠨ ᠲᠣᠬᠤᠨᠢᠭᠤᠯᠬᠤ ᠳᠤ ᠣᠷᠣᠯᠴᠠᠪᠠ᠃      ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠳᠤ᠂ ᠸᠠᠩ ᠬᠤᠢ ᠢᠦᠢ ᠲᠡᠳᠡᠨ ᠤ ᠤᠷᠳᠤ ᠬᠤᠭᠤᠴᠠᠭᠠᠨ ᠤ ᠲᠤᠷᠰᠢ ᠴᠡᠷᠢᠭ ᠠᠷᠠᠳ ᠤᠨ ᠠᠭᠤᠰᠤᠯᠴᠠᠯ ᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠭᠠᠮᠰᠢᠭ ᠠᠴᠠ ᠠᠪᠤᠷᠠᠬᠤ ᠵᠡᠷᠭᠡ ᠲᠠᠯ᠎ᠠ ᠪᠠᠷ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃ ᠲᠡᠷᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠡᠯ᠎ᠡ ᠲᠦᠷᠦᠯ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠰᠢᠶᠠᠨ ᠤ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠠᠲᠤᠯᠠᠨ ᠬᠠᠮᠠᠭᠠᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠨ᠎ᠠ ᠭᠡᠵᠦ ᠬᠡᠯᠡᠪᠡ᠃      ᠴᠡᠷᠢᠭ ᠠᠴᠠ ᠬᠠᠯᠠᠭᠳᠠᠭᠰᠠᠳ ᠯᠢ ᡁᠢ ᠢᠦᠶ ᠶᠢᠨ ᠭᠡᠷ ᠲᠤ᠂ ᠸᠠᠩ ᠬᠤᠢ ᠢᠦᠢ ᠠᠬᠠᠮᠠᠳ ᠴᠡᠷᠢᠭ ᠲᠠᠢ ᠳᠣᠲᠣᠨᠣ ᠪᠠᠷ ᠶᠠᠷᠢᠯᠴᠠᠵᠤ᠂ ᠵᠣᠭᠤᠭ ᠳᠡᠯᠭᠡᠵᠦ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠮᠠᠬᠠᠪᠣᠳ ᠤᠨ ᠪᠠᠶᠢᠳᠠᠯ ᠪᠣᠯᠤᠨ ᠭᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠤ ᠤᠯᠤᠰ ᠪᠣᠯᠤᠨ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠭᠦᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠪᠠ᠃ ᠸᠠᠩ ᠬᠤᠢ ᠢᠦᠢ ᠬᠡᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠠᠴᠠ ᠬᠠᠯᠠᠭᠳᠠᠭᠰᠠᠳ ᠤᠨ ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠤ᠂ ᠴᠡᠷᠢᠭ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠰᠠᠶᠢᠲᠤᠷ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠲᠡᠳᠡᠨ ᠤ ᠰᠡᠳᠬᠢᠯ ᠳᠤ ᠬᠦᠷᠭᠡᠬᠦ ᠬᠡᠷᠡᠭᠲᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3