7 ᠰᠠᠷ᠎ᠠ ᠶᠢᠨ 29 ᠤ ᠡᠳᠦᠷ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠯᠬᠦᠮ ᠳᠠᠭᠠᠭᠤᠯᠤᠨ ᠰᠢᠶᠠᠨ ᠳᠤ | ᠰᠠᠭᠤᠭ᠎ᠠ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢ ᠪᠣᠯᠤᠨ ᠮᠠᠨ ᠤ ᠰᠢᠶᠠᠨ ᠤ | ᠬᠡᠰᠡᠭ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ | ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃ ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠵᠧᠦ | ᠷᠦᠢ ᠵᠢᠶᠦ᠋ᠨ ᠲᠣᠬᠤᠨᠢᠭᠤᠯᠬᠤ ᠳᠤ ᠣᠷᠣᠯᠴᠠᠪᠠ᠃ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠳᠤ᠂ ᠸᠠᠩ ᠬᠤᠢ ᠢᠦᠢ ᠲᠡᠳᠡᠨ ᠤ ᠤᠷᠳᠤ ᠬᠤᠭᠤᠴᠠᠭᠠᠨ ᠤ | ᠲᠤᠷᠰᠢ ᠴᠡᠷᠢᠭ ᠠᠷᠠᠳ ᠤᠨ ᠠᠭᠤᠰᠤᠯᠴᠠᠯ ᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠭᠠᠮᠰᠢᠭ ᠠᠴᠠ ᠠᠪᠤᠷᠠᠬᠤ ᠵᠡᠷᠭᠡ ᠲᠠᠯ᠎ᠠ ᠪᠠᠷ ᠦᠵᠡᠭᠦᠯᠦᠭᠰᠡᠨ | ᠲᠤᠪᠤᠶᠢᠮ᠎ᠠ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠵᠡᠢ᠃ ᠲᠡᠷᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ | ᠠᠳᠠᠯᠢ ᠪᠠᠷ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠡᠯ᠎ᠡ ᠲᠦᠷᠦᠯ ᠤᠨ ᠪᠠᠲᠤᠯᠠᠭ᠎ᠠ ᠶᠢᠨ | ᠦᠢᠯᠡᠴᠢᠯᠡᠭᠡ ᠶᠢ ᠰᠠᠶᠢᠲᠤᠷ ᠬᠢᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠰᠢᠶᠠᠨ ᠤ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ | ᠪᠠᠲᠤᠯᠠᠨ ᠬᠠᠮᠠᠭᠠᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠨ᠎ᠠ ᠭᠡᠵᠦ ᠬᠡᠯᠡᠪᠡ᠃ | ᠴᠡᠷᠢᠭ ᠠᠴᠠ ᠬᠠᠯᠠᠭᠳᠠᠭᠰᠠᠳ ᠯᠢ ᡁᠢ ᠢᠦᠶ ᠶᠢᠨ ᠭᠡᠷ ᠲᠤ᠂ ᠸᠠᠩ ᠬᠤᠢ ᠢᠦᠢ ᠠᠬᠠᠮᠠᠳ ᠴᠡᠷᠢᠭ ᠲᠠᠢ | ᠳᠣᠲᠣᠨᠣ ᠪᠠᠷ ᠶᠠᠷᠢᠯᠴᠠᠵᠤ᠂ ᠵᠣᠭᠤᠭ ᠳᠡᠯᠭᠡᠵᠦ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠮᠠᠬᠠᠪᠣᠳ ᠤᠨ ᠪᠠᠶᠢᠳᠠᠯ | ᠪᠣᠯᠤᠨ ᠭᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠤ ᠤᠯᠤᠰ ᠪᠣᠯᠤᠨ ᠨᠡᠶᠢᠭᠡᠮ ᠳᠤ ᠦᠵᠡᠭᠦᠯᠦᠭᠰᠡᠨ | ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠭᠦᠨ ᠢ | ᠪᠡᠶ᠎ᠡ ᠪᠠᠨ ᠭᠠᠮᠨᠠᠭᠠᠷᠠᠢ ᠭᠡᠵᠦ ᠵᠠᠬᠢᠪᠠ᠃ ᠸᠠᠩ ᠬᠤᠢ ᠢᠦᠢ ᠬᠡᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠴᠡᠷᠢᠭ ᠠᠴᠠ ᠬᠠᠯᠠᠭᠳᠠᠭᠰᠠᠳ ᠤᠨ ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠤ᠂ | ᠴᠡᠷᠢᠭ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠴᠠᠭ ᠲᠤᠬᠠᠢ ᠳᠤᠨᠢ ᠰᠠᠶᠢᠲᠤᠷ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠠᠮᠢᠳᠤᠷᠠᠯ ᠤᠨ | ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠦᠨᠡᠨᠬᠦ ᠲᠡᠳᠡᠨ ᠤ ᠰᠡᠳᠬᠢᠯ ᠳᠤ ᠬᠦᠷᠭᠡᠬᠦ ᠬᠡᠷᠡᠭᠲᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |