ᠰᠢᠩ ᠾᠧ ᠰᠢᠶᠠᠨ ᠤ ︽ᠴᠠᠭ ᠢ ᠤᠷᠲᠤᠳᠬᠠᠨ ᠤᠶᠢᠯᠡᠴᠢᠯᠡᠬᠦ︾᠎ ᠳᠤ ︽ᠰᠡᠳᠬᠢᠯ︾᠎ ᠤᠨ  ᠤᠶᠢᠯᠡᠴᠢᠯᠡᠭᠡᠨ ᠤ ᠰᠢᠨ᠎ᠡ ᠵᠠᠭᠪᠤᠷ ᠢ ᠡᠭᠦᠳᠪᠡ
ᠨᠡᠶᠢᠲᠡᠯᠡᠭᠰᠡᠨ ᠴᠠᠭ᠄
2024/7/4
     ᠡᠨᠡ ᠵᠢᠯ ᠠᠴᠠ ᠨᠠᠰᠢ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠴᠠᠭ ᠢ ᠤᠷᠲᠤᠳᠬᠠᠭᠰᠠᠨ ᠤᠶᠢᠯᠡᠴᠢᠯᠡᠭᠡ︾᠎ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠯᠠᠭᠤᠨ ᠳᠤᠯᠠᠭᠠᠨ᠂ ᠣᠪᠣᠷ ᠲᠠᠢ᠂ ᠬᠤᠷᠳᠤᠴᠠ ᠲᠠᠢ︾ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠴᠣᠩᠬᠤᠪᠴᠢ ᠪᠠᠷ ᠠᠵᠢᠯ ᠶᠠᠪᠤᠳᠠᠯ ᠭᠦᠢᠴᠡᠳᠭᠡᠬᠦ ᠴᠠᠭ ᠢ ︽ᠬᠤᠭᠤᠰᠣᠨ ᠲᠠᠩᠰᠠ ᠡᠪᠬᠡᠮᠡᠯ︾ ᠥᠬᠡᠶ᠂ ᠭᠦᠢᠴᠡᠳᠭᠡᠬᠦ ᠵᠦᠢᠯᠡᠰ ᠲᠤ ︽ᠬᠤᠭᠤᠰᠣᠨ ᠲᠠᠩᠰᠠ ᠡᠪᠬᠡᠮᠡᠯ︾ ᠥᠬᠡᠶ᠂ ᠴᠢᠨᠠᠷ ᠰᠠᠶᠢᠲᠠᠶ ᠤᠶᠢᠯᠡᠴᠢᠯᠡᠭᠡ ᠳᠤ ︽ᠬᠠᠷᠰᠢ ᠰᠠᠭᠠᠳ︾ ᠥᠬᠡᠶ ᠪᠠᠶᠢᠬᠤ ᠶᠢ ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ︽ᠠᠵᠢᠯᠯᠠᠵᠤ ᠭᠦᠢᠴᠡᠳᠭᠡᠬᠦ ᠳᠤ ᠬᠤᠭᠤᠰᠣᠨ ᠭᠠᠵᠠᠷ ᠥᠬᠡᠶ ᠪᠠᠶᠢᠬᠤ ᠬᠦᠴᠢᠷ ᠠᠰᠠᠭᠤᠳᠠᠯ ᠢ ᠦᠨᠡᠨ ᠬᠦ ᠰᠢᠢᠤᠡᠪᠤᠷᠢᠯᠡᠵᠤ᠂ ︽ᠴᠠᠭ ᠢ ᠤᠷᠲᠤᠳᠬᠠᠭᠰᠠᠨ ᠤᠶᠢᠯᠡᠴᠢᠯᠡᠭᠡ︾᠎ ᠶᠢ ︽ᠰᠡᠳᠬᠢᠯ ᠲᠠᠢ︾ ᠤᠶᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠣᠳᠣ ᠪᠣᠯᠲᠠᠯ᠎ᠠ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠨᠡᠶᠢᠲᠡ 1685 ᠬᠤᠪᠢ ᠤᠷᠢᠳᠴᠢᠯᠠᠨ ᠪᠣᠯᠵᠣᠬᠤ ᠴᠠᠭ ᠢ ᠤᠷᠲᠤᠳᠬᠠᠬᠤ ᠦᠢᠯᠡᠴᠢᠯᠡᠭᠡ ᠶᠢ ᠪᠡᠶᠡᠯᠡᠭᠦᠯᠵᠦ᠂ ᠲᠠᠪᠤᠳᠤᠭᠠᠷ ᠰᠠᠷ᠎ᠠ ᠳᠤ ᠣᠯᠠᠨ ᠲᠦᠮᠡᠨ ᠳᠤ ᠪᠣᠯᠵᠣᠬᠤ ᠴᠠᠭ ᠢ ᠤᠷᠲᠤᠳᠬᠠᠬᠤ ᠦᠢᠯᠡᠴᠢᠯᠡᠭᠡ ᠶᠢ 43 ᠬᠤᠪᠢ ᠬᠠᠩᠭᠠᠪᠠ᠃      ᠴᠠᠭ ᠬᠤᠭᠤᠴᠠᠭ᠎ᠠ ᠪᠠᠨ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ︽ᠳᠣᠲᠣᠨᠣ︾ ᠪᠣᠯᠭᠠᠪᠠ᠃ ᠠᠵᠤ ᠠᠬᠤᠶᠢᠯᠠᠯ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠲᠤᠬᠠᠶᠢᠯᠠᠭᠰᠠᠨ ᠠᠵᠢᠯ ᠢᠶᠠᠨ ᠠᠰᠠᠭᠤᠨ ᠯᠠᠪᠯᠠᠵᠤ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠲᠤᠭ᠎ᠠ ᠶᠢᠨ ᠲᠣᠪᠴᠢᠶ᠎ᠠ ᠠᠵᠢᠯ ᠤᠨ ᠡᠳᠦᠷ ᠢᠶᠠᠨ ︽ᠴᠠᠭ ᠢ ᠤᠷᠲᠤᠳᠬᠠᠭᠰᠠᠨ ᠦᠢᠯᠡᠴᠢᠯᠡᠭᠡ︾᠎ ᠶᠢᠨ ᠴᠠᠭ ᠲᠤ ᠪᠠᠨ ᠲᠣᠬᠢᠷᠠᠭᠤᠯᠤᠯᠲᠠ ᠬᠢᠵᠦ᠂ ︽ᠲᠤᠬᠠᠶ ᠶᠢᠨ ᠡᠳᠦᠷ ᠲᠤ ᠨᠢ ᠬᠦᠢᠴᠡᠳᠬᠡᠭᠰᠡᠨ ᠲᠡᠷᠡ ᠡᠳᠦᠷ ᠲᠤ ᠨᠢ ᠬᠦᠢᠴᠡᠳᠬᠡᠬᠦ︾᠎ ᠶᠢ ᠪᠡᠶᠡᠯᠡᠭᠦᠯᠪᠡ᠃ ᠠᠵᠢᠯᠯᠠᠬᠤ ᠡᠳᠦᠷ ᠲᠤ ᠭᠦᠢᠴᠡᠳᠬᠡᠬᠦ ᠴᠠᠭ ᠦᠭᠡᠶ ᠠᠵᠤ ᠠᠬᠤᠶᠢᠯᠠᠯ ᠪᠤᠶᠤ ᠣᠯᠠᠨ ᠲᠦᠮᠡᠨ ᠭᠠᠷᠠᠭ ᠤᠨ ᠨᠢᠭᠡᠨ ᠠᠴᠠ ᠭᠠᠷᠠᠭ ᠤᠨ ᠳᠥᠷᠪᠡᠨ ᠤ ᠠᠵᠢᠯᠯᠠᠬᠤ ᠴᠠᠭ ᠲᠤ ᠤᠷᠢᠳᠴᠢᠯᠠᠨ ᠪᠣᠯᠵᠣᠵᠤ ᠳᠡᠩᠰᠡᠯᠡᠵᠦ ᠪᠣᠯᠤᠨ᠎ᠠ᠂ ᠭᠠᠷᠠᠭ ᠤᠨ ᠵᠢᠷᠭᠤᠭᠠᠨ ᠤ ᠦᠳᠡ ᠶᠢᠨ ᠡᠮᠦᠨ᠎ᠡ 9᠄ 00 - 12᠄ 00 ᠬᠠᠮᠢᠶ᠎ᠠ ᠪᠥᠬᠦᠶ ᠠᠵᠢᠯᠲᠠᠳ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ ᠪᠣᠯᠤᠨ᠎ᠠ᠃ ᠣᠯᠠᠨ ᠲᠦᠮᠡᠨ ᠤ ︽ᠪᠠᠴᠢᠮ︾ ᠪᠠ ᠠᠵᠢᠯ ᠳᠤ ᠭᠠᠷᠤᠭᠰᠠᠨ ᠦᠨᠳᠦᠰᠦᠲᠡᠨ ᠤ ᠠᠵᠢᠯᠯᠠᠬᠤ ᠴᠠᠭ ᠪᠣᠯᠤᠨ ᠶᠡᠭᠡ ᠲᠢᠩᠬᠢᠮ ᠳᠤ ᠠᠵᠢᠯᠯᠠᠬᠤ ᠴᠠᠭ ᠤᠨ ᠮᠥᠷᠭᠦᠯᠳᠦᠭᠡᠨ ᠤ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠳᠤ ︽ᠡᠭᠦᠳᠡ ᠪᠠᠨ ᠬᠠᠭᠠᠬᠤ ᠥᠬᠡᠶ︾ ᠪᠠᠶᠢᠬᠤ ᠶᠢ ᠦᠨᠡᠨ ᠰᠡᠳᠬᠢᠯ ᠠᠴᠠ ᠪᠠᠨ ᠪᠡᠶᠡᠯᠡᠭᠦᠯᠵᠦ᠂ ᠣᠯᠠᠨ ᠲᠦᠮᠡᠨ᠂ ᠬᠤᠪᠢ ᠬᠥᠮᠦᠨ᠂ ᠠᠵᠤ ᠠᠬᠤᠶᠢᠯᠠᠯ ᠳᠤ ᠰᠠᠨᠠᠭ᠎ᠠ ᠠᠮᠤᠷ᠂ ᠰᠡᠳᠬᠢᠯ ᠠᠮᠤᠷ ᠠᠵᠢᠯ ᠶᠠᠪᠤᠳᠠᠯ ᠬᠢᠬᠦ ᠣᠶᠢᠯᠠᠭᠠᠯᠲᠠ ᠬᠠᠩᠭᠠᠬᠤ ᠬᠡᠷᠡᠭᠲᠡᠶ᠃      ᠴᠢᠳᠠᠪᠤᠷᠢ ᠪᠠᠨ ᠳᠡᠭᠡᠭᠱᠢᠯᠡᠭᠦᠯᠵᠦ ᠴᠠᠭ ᠢ ᠤᠷᠲᠤᠳᠭᠠᠬᠤ ᠦᠢᠯᠡᠴᠢᠯᠡᠭᠡ ᠨᠡᠩ ᠨᠠᠷᠢᠯᠢᠭ ᠪᠠᠢᠨ᠎ᠠ᠃ ︽ᠴᠠᠭ ᠲᠤᠬᠠᠶ ᠳᠤᠨᠢ ᠤᠶᠢᠯᠡᠴᠢᠯᠡᠬᠦ︾᠎ ᠶᠢ ︽ᠬᠡᠷᠡᠭᠴᠡᠭᠡ ᠶᠣᠰᠣᠭᠠᠷ ᠤᠶᠢᠯᠡᠴᠢᠯᠡᠬᠦ︾ ᠲᠡᠶᠢᠰᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠤ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠠᠩ ᠭᠠᠭᠴᠠ ᠴᠣᠩᠬᠤᠪᠴᠢ ᠶᠢᠨ ᠤᠶᠢᠯᠡᠴᠢᠯᠡᠭᠡᠨ ᠤ ᠬᠢᠵᠠᠭᠠᠷᠯᠠᠯ ᠢ ᠡᠪᠳᠡᠵᠦ᠂ ︽ᠨᠢᠭᠡ ᠤᠴᠢᠷ ᠶᠠᠪᠤᠳᠠᠯ ᠢᠶᠠᠷ ᠣᠯᠠᠨ ᠲᠠᠯ᠎ᠠ ᠡᠷᠢᠬᠦ︾᠎ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠳᠤ ︽ᠬᠠᠭᠤᠳᠠᠰᠤ ᠭᠦᠶᠦᠯᠭᠡᠬᠦ ᠥᠬᠡᠶ︾ ᠪᠠᠶᠢᠬᠤ ᠶᠢ ᠦᠨᠡᠨ ᠬᠦ ᠪᠠᠲᠤᠯᠠᠪᠠ᠃ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠶᠡᠭᠡ ᠬᠡᠮᠵᠢᠶ᠎ᠡ ᠪᠠᠷ ᠬᠠᠩᠭᠠᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠦᠷᠭᠦᠯᠵᠢᠯᠡᠨ ᠥᠷᠭᠡᠳᠬᠡᠬᠦ ᠶᠢᠨ ᠲᠥᠯᠥᠭᠡ᠂ ᠣᠳᠣᠬᠠᠨ ᠳᠤ ᠨᠡᠶᠢᠲᠡ 1404 ᠵᠦᠢᠯ ᠤᠨ ᠲᠤᠬᠠᠶᠢᠯᠠᠭᠰᠠᠨ ᠠᠵᠢᠯ ᠤᠨ ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠥᠬᠡᠶ ᠪᠠᠶᠢᠬᠤ ᠶᠢᠨ ᠬᠠᠮᠲᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠤᠨ ᠲᠤᠭ᠎ᠠ ᠬᠡᠮᠵᠢᠶ᠎ᠡ ᠶᠢ ᠥᠷᠭᠡᠳᠬᠡᠵᠦ᠂ ᠨᠠᠩ ᠣᠯᠠᠨ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠶᠢ ᠪᠠᠶᠢᠩᠭᠤᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃      ᠬᠡᠪ ᠵᠠᠭᠪᠤᠷ ᠢᠶᠠᠨ ᠥᠷᠭᠡᠳᠬᠡᠵᠦ᠂ ᠠᠵᠢᠯ ᠶᠠᠪᠤᠳᠠᠯ ᠭᠦᠢᠴᠡᠳᠭᠡᠬᠦ ᠥᠩᠭᠡᠷᠡᠯᠲᠡ ᠪᠠᠨ ᠨᠠᠩ ᠢᠯᠡᠭᠦᠤ ᠪᠣᠯᠭᠠᠪᠠ᠃ ᠤᠯᠤᠰ ᠲᠥᠷᠥ ᠶᠢᠨ ᠲᠣᠪᠴᠢᠶ᠎ᠠ ᠦᠢᠯᠡᠴᠢᠯᠡᠭᠡᠨ ᠤ ᠵᠠᠭᠪᠤᠷ ᠢᠶᠠᠨ ᠥᠷᠭᠡᠳᠬᠡᠵᠦ᠂ ᠣᠯᠠᠨ ᠲᠦᠮᠡᠨ ᠲᠤᠬᠠᠶ ᠶᠢᠨ ᠲᠠᠯᠠᠪᠤᠷ ᠲᠤ ᠪᠣᠯᠵᠣᠬᠤ᠂ ᠤᠲᠠᠰᠤ ᠪᠠᠷ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠵᠤ ᠪᠣᠯᠤᠨ᠎ᠠ᠃ ᠴᠣᠩᠬᠤᠪᠴᠢ ᠶᠢᠨ ᠠᠵᠢᠯᠲᠠᠳ ᠪᠣᠯᠵᠣᠬᠤ ᠮᠡᠳᠡᠭᠡ ᠵᠠᠩᠭᠢ ᠶᠢ ᠦᠨᠳᠦᠰᠦᠯᠡᠨ᠂ ᠣᠯᠠᠨ ᠲᠦᠮᠡᠨ ᠤ ᠭᠤᠶᠤᠴᠢᠯᠠᠨ ᠮᠡᠳᠡᠭᠦᠯᠦᠭᠰᠡᠨ ᠲᠤᠬᠠᠶᠢᠯᠠᠭᠰᠠᠨ ᠠᠵᠢᠯ ᠤᠨ ᠲᠥᠷᠥᠯ ᠢᠯᠭᠠᠯ ᠢ ᠣᠶᠢᠯᠠᠭᠠᠵᠤ᠂ ᠠᠵᠢᠯ ᠤᠨ ᠠᠭᠤᠯᠭ᠎ᠠ ᠪᠠᠨ ᠵᠦᠶ ᠵᠣᠬᠢᠰᠲᠠᠶ ᠳᠣᠭᠢᠷᠠᠭᠤᠯᠤᠨ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠴᠠᠭ ᠲᠤᠬᠠᠶ ᠳᠤᠨᠢ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3