ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠠᠷᠠᠳ ᠤᠨ ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/4
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ︽ᠠᠷᠠᠳ ᠤᠨ ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾᠎ ᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃                          ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                               2024 ᠣᠨ ᠤ 7 ᠰᠠᠷ᠎ᠠ ᠶᠢᠨ 4᠎ ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶          ᠠᠷᠠᠳ ᠤᠨ ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ      ᠬᠥᠳᠡᠭᠡ ᠲᠣᠰᠬᠤᠨ ᠤ ᠠᠷᠠᠳ ᠤᠨ ᠪᠠᠭᠤᠳᠠᠯ ᠭᠡᠳᠡᠭ ᠨᠢ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠵᠡᠷᠭᠡ ᠬᠠᠮᠢᠶ᠎ᠠ ᠪᠥᠬᠦᠶ ᠡᠬᠢ ᠪᠠᠶᠠᠯᠢᠭ ᠢ ᠠᠰᠢᠭᠯᠠᠨ᠂ ᠡᠵᠡᠨ ᠨᠢ ᠡᠵᠡᠩᠨᠡᠯᠲᠡ ᠶᠢᠨ ᠦᠢᠯᠡᠴᠢᠯᠡᠭᠡ ᠳᠤ ᠣᠷᠣᠯᠴᠠᠵᠤ᠂ ᠵᠢᠭᠤᠯᠴᠢᠯᠠᠭᠴᠢᠳ ᠲᠤ ᠲᠤᠬᠠᠶ ᠶᠢᠨ ᠭᠠᠵᠠᠷ ᠤᠨ ᠪᠠᠶᠢᠭᠠᠯᠢ᠂ ᠰᠣᠶᠣᠯ ᠬᠢᠭᠡᠳ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠡᠶᠡᠴᠢᠯᠡᠨ ᠣᠶᠢᠯᠠᠭᠠᠬᠤ ᠵᠢᠵᠢᠭ ᠬᠡᠯᠪᠡᠷᠢ ᠶᠢᠨ ᠬᠤᠨᠣᠭᠯᠠᠬᠤ ᠪᠡᠯᠡᠳᠬᠡᠮᠵᠢ ᠶᠢ ᠵᠢᠭᠠᠵᠤ ᠪᠣᠶ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠪᠣᠯ ᠬᠥᠳᠡᠭᠡ ᠲᠣᠰᠬᠤᠨ ᠤ ᠵᠢᠭᠤᠯᠴᠢᠯᠠᠯ ᠤᠨ ᠴᠢᠬᠤᠯᠠ ᠡᠵᠡᠩᠨᠡᠯᠲᠡ ᠶᠢᠨ ᠬᠡᠯᠪᠡᠷᠢ ᠮᠥᠨ᠂ ᠬᠥᠳᠡᠭᠡ ᠲᠣᠰᠬᠤᠨ ᠤ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠬᠦ ᠬᠦᠴᠦᠨ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠮᠥᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ ᠠᠷᠪᠠᠨ ᠶᠠᠮᠤᠨ ᠵᠥᠪᠯᠡᠯ ᠤᠨ ︽ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠷᠢᠯᠳᠦᠭᠦᠯᠬᠦ ᠶᠢᠨ ᠲᠤᠰᠠᠳᠠ᠂ ᠲᠣᠰ ᠵᠢᠯᠣᠭᠤᠳᠬᠤ ᠰᠠᠨᠠᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯ ᠮᠠᠨᠳᠤᠯ ᠤᠨ ᠣᠷᠣᠨ ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠦᠨᠳᠦᠰᠦ ᠪᠣᠯᠭᠠᠵᠤ᠂ ᠨᠡᠶᠢᠰᠯᠡᠯ ᠤᠨ ︽ᠠᠷᠤ ᠴᠡᠴᠡᠷᠯᠢᠭ︾᠎ ᠢ ᠪᠦᠳᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠭᠠᠵᠠᠷ ᠣᠷᠣᠨ ᠤ ᠰᠣᠶᠣᠯ ᠢ ᠢᠯᠡᠷᠡᠭᠦᠯᠬᠦ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ ᠤᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      1. ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ ︽ᠲᠥᠯᠥᠪᠵᠢᠭᠦᠯᠭᠡ ᠶᠢ ᠤᠷᠢᠳᠠᠪᠠᠷ ᠬᠢᠬᠦ︾ ᠦᠵᠡᠯ ᠤᠬᠠᠮᠰᠠᠷ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠪᠠᠶᠢᠷᠢᠰᠢᠭᠤᠯᠤᠯ ᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠵᠢᠴᠢ ᠣᠷᠴᠢᠨ ᠲᠣᠭᠤᠷᠢᠨ᠂ ᠵᠢᠭᠤᠯᠴᠢᠯᠠᠯ ᠵᠡᠷᠭᠡ ᠲᠤᠰᠬᠠᠶ ᠲᠥᠯᠥᠪᠵᠢᠭᠦᠯᠭᠡ ᠯᠦᠭᠡ ᠬᠠᠷᠢᠯᠴᠠᠨ ᠵᠣᠯᠭᠠᠯᠳᠤᠭᠤᠯᠬᠤ ᠶᠢ ᠰᠠᠶᠢᠲᠤᠷ ᠬᠢᠵᠦ᠂ ᠬᠠᠤᠯᠢ ᠶᠣᠰᠣᠨ ᠤ ᠡᠮᠬᠢ ᠵᠢᠷᠤᠮ ᠲᠠᠢ ᠪᠠᠷ ᠬᠥᠭᠵᠢᠭᠦᠯᠦᠭᠰᠡᠨ ᠤᠷᠢᠲᠠᠯ ᠳᠣᠤᠷ᠎ᠠ ᠯᠠᠪᠳᠠᠭᠤᠨ ᠢᠶᠠᠷ ᠠᠬᠢᠭᠤᠯᠵᠤ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ᠂ ᠰᠣᠬᠤᠷ ᠪᠠᠯᠠᠶ ᠪᠠᠷ ᠪᠠᠭᠤᠯᠭᠠᠬᠤ᠂ ᠡᠮᠬᠢ ᠵᠢᠷᠤᠮ ᠦᠭᠡᠶ ᠪᠠᠷ ᠬᠥᠭᠵᠢᠭᠦᠯᠬᠦ ᠶᠢ ᠰᠡᠷᠭᠡᠶᠢᠯᠡᠨ ᠬᠤᠷᠢᠭᠯᠠᠵᠤ᠂ ᠲᠥᠯᠥᠪᠵᠢᠭᠦᠯᠭᠡ ᠨᠢ ᠲᠣᠳᠣᠷᠬᠠᠶ᠂ ᠪᠠᠶᠢᠷᠢᠯᠠᠭᠤᠯᠤᠯᠲᠠ ᠨᠢ ᠵᠦᠢ ᠵᠣᠬᠢᠰᠲᠠᠶ᠂ ᠨᠢᠭᠡᠳᠦᠯᠲᠡᠶ ᠲᠥᠯᠥᠪᠯᠡᠨ ᠵᠣᠬᠢᠴᠠᠯᠳᠤᠭᠰᠠᠨ ᠠᠷᠠᠳ ᠤᠨ ᠪᠠᠭᠤᠳᠠᠯ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠶ᠃      2. ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠪᠠᠶᠢᠬᠤ ᠶᠢ ᠲᠤᠪᠤᠶᠢᠯᠭᠠᠵᠦ᠂ ᠠᠷᠠᠳ ᠤᠨ ᠪᠠᠭᠤᠳᠠᠯ ᠢ ᠬᠥᠭᠵᠢᠭᠦᠯᠬᠦ ᠪᠠ ᠣᠷᠴᠢᠨ ᠲᠣᠭᠤᠷᠢᠨ ᠢ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠳᠡᠭᠡ ᠲᠣᠰᠬᠤᠨ ᠤ ᠤᠯᠠᠮᠵᠢᠯᠠᠯᠲᠤ ᠳᠦᠷᠰᠦ ᠪᠠᠶᠢᠳᠠᠯ ᠢ ᠪᠠᠲᠤᠯᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠲᠣᠭᠤᠷᠢᠨ ᠢ ᠬᠠᠮᠠᠭᠠᠯᠠᠬᠤ᠂ ᠪᠣᠷᠣᠭᠵᠢᠭᠤᠨ ᠪᠠᠶᠢᠭᠠᠯᠢ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠰᠠᠨᠠᠭᠠᠴᠢᠯᠠᠨ᠎ᠠ᠃      3. ᠣᠷᠣᠨ ᠨᠤᠲᠤᠭ ᠤᠨ ᠣᠨᠴᠠᠯᠢᠭ ᠢ ᠪᠠᠷᠢᠮᠲᠠᠯᠠᠬᠤ ᠬᠡᠷᠡᠭᠲᠡᠶ᠃ ᠥᠪᠡᠷᠮᠢᠴᠡ ᠰᠣᠶᠣᠯ ᠤᠨ ᠭᠤᠸ᠎ᠠ ᠰᠠᠶᠢᠬᠠᠨ ᠪᠠ ᠨᠤᠲᠤᠭ ᠤᠨ ᠬᠠᠶᠢᠷ᠎ᠠ ᠰᠡᠳᠬᠢᠯᠭᠡ ᠶᠢ ᠳᠣᠪᠤᠶᠢᠯᠭᠠᠵᠤ᠂ ᠠᠷᠠᠳ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠯᠤᠭ᠎ᠠ ᠬᠠᠷᠢᠯᠴᠠᠨ ᠤᠶᠠᠯᠳᠤᠭᠤᠯᠵᠤ᠂ ᠰᠢᠩ ᠾᠧ ᠤᠯᠠᠮᠵᠢᠯᠠᠯᠲᠤ ᠰᠣᠶᠣᠯ ᠪᠠ ᠨᠤᠲᠤᠭ ᠤᠨ ᠵᠠᠩ ᠳᠠᠳᠬᠠᠯ ᠲᠠᠢ ᠨᠢᠭᠡ ᠪᠦᠯᠦᠭ ᠬᠥᠳᠡᠭᠡ ᠲᠣᠰᠬᠤᠨ ᠤ ᠭᠤᠤᠯ ᠰᠡᠳᠦᠪᠲᠦ ᠠᠷᠠᠳ ᠤᠨ ᠪᠠᠭᠤᠳᠠᠯ ᠢ ᠪᠠᠶᠢᠭᠤᠯᠤᠨ᠎ᠠ᠃ ︽ᠠᠷᠠᠳ ᠤᠨ ᠪᠠᠭᠤᠳᠠᠯ︾᠂ ︽ᠠᠷᠠᠳ ᠤᠨ ᠣᠷᠣᠨ ᠰᠠᠭᠤᠴᠠ︾᠎ ᠶᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠰᠢᠩ ᠾᠧ ᠠᠷᠠᠳ ᠤᠨ ᠪᠠᠭᠤᠳᠠᠯ ᠎ ᠢ ᠠᠮᠢ ᠠᠬᠤᠢ᠂ ᠰᠣᠶᠣᠯ᠂ ᠵᠤᠭᠠᠴᠠᠯ᠂ ᠪᠡᠶ᠎ᠡ ᠶᠢᠨ ᠲᠠᠮᠢᠷ᠂ ᠡᠷᠡᠭᠦᠯᠵᠢᠯ ᠰᠤᠪᠢᠯᠠᠯᠲᠠ᠂ ᠰᠡᠯᠡᠭᠦᠴᠡᠯ ᠤᠨ ᠲᠠᠷᠢᠶᠠᠯᠠᠩ ᠵᠡᠷᠭᠡ ᠪᠦᠬᠦ ᠠᠵᠤ ᠦᠢᠯᠡᠰ ᠲᠠᠢ ᠭᠦᠨᠵᠡᠭᠡᠢ ᠵᠣᠯᠭᠠᠭᠤᠯᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      4. ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠲᠡᠳᠬᠦᠬᠦ᠂ ᠣᠯᠠᠨ ᠨᠡᠶᠢᠲᠡ ᠶᠢᠨ ᠦᠢᠯᠡᠴᠢᠯᠡᠭᠡ᠂ ᠵᠢᠷᠤᠮᠵᠢᠭᠤᠯᠤᠨ ᠬᠠᠮᠢᠶᠠᠷᠬᠤ᠂ ᠤᠬᠠᠭᠤᠯᠤᠨ ᠲᠠᠨᠢᠯᠴᠠᠭᠤᠯᠬᠤ ᠵᠡᠷᠭᠡ ᠲᠠᠯ᠎ᠠ ᠪᠠᠷ ᠬᠢ ᠵᠠᠰᠠᠭ ᠤᠨ ᠣᠷᠳᠣᠨ ᠤ ᠦᠢᠯᠡᠳᠦᠯ ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠤᠨ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ ᠵᠢᠷᠤᠮᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠴᠢᠩᠭᠠᠷᠠᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠶ ᠲᠥᠯᠥᠪᠯᠡᠬᠦ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠲᠠᠷᠢᠶᠠᠴᠢᠨ ᠡᠷᠦᠬᠡ ᠪᠣᠯᠤᠨ ᠨᠡᠶᠢᠭᠡᠮ ᠤᠨ ᠬᠥᠷᠥᠩᠭᠡ ᠪᠠᠷ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠡᠵᠡᠩᠨᠡᠯᠲᠡ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃      5. ᠲᠠᠷᠢᠶᠠᠯᠠᠩ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠎ᠠ᠃ ᠲᠠᠷᠢᠶᠠᠴᠢᠳ ᠠᠴᠠ ᠠᠰᠢᠭ ᠬᠦᠷᠲᠡᠬᠦ ᠭᠤᠤᠯ ᠴᠣᠭᠴᠠ ᠪᠣᠯᠭᠠᠬᠤ ᠶᠢ ᠪᠠᠷᠢᠮᠲᠠᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠲᠠᠷᠢᠶᠠᠴᠢᠳ ᠤᠨ ᠪᠦᠬᠦ ᠶᠠᠪᠤᠴᠠ ᠳᠤ ᠣᠷᠣᠯᠴᠠᠬᠤ ᠶᠢ ᠴᠢᠬᠤᠯᠠᠴᠢᠯᠠᠨ᠂ ᠲᠠᠷᠢᠶᠠᠴᠢᠳ ᠤᠨ ᠢᠳᠡᠪᠬᠢᠵᠢᠯ᠂ ᠪᠦᠲᠦᠭᠡᠯᠴᠢ ᠴᠢᠨᠠᠷ ᠪᠣᠯᠤᠨ ᠣᠷᠣᠯᠴᠠᠬᠤ ᠴᠢᠨᠠᠷ ᠢ ᠳᠠᠶᠢᠴᠢᠯᠠᠵᠤ ᠂ ᠲᠠᠷᠢᠶᠠᠴᠢᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ᠂ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠤᠬᠠᠶ ᠶᠢᠨ ᠭᠠᠵᠠᠷ ᠤᠨ ᠲᠠᠷᠢᠶᠠᠴᠢᠳ ᠲᠤ ᠬᠦᠷᠲᠡᠭᠡᠬᠦ ᠶᠢ ᠦᠨᠡᠨᠬᠦ ᠪᠠᠲᠤᠯᠠᠵᠤ᠂ ᠲᠠᠷᠢᠶᠠᠯᠠᠩ ᠢ ᠲᠡᠳᠬᠦᠵᠦ ᠲᠠᠷᠢᠶᠠᠯᠠᠩ ᠢ ᠲᠤᠰᠠᠯᠠᠬᠤ᠂ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃      ︵ᠭᠤᠷᠪᠠ︶ ᠬᠦᠭᠵᠢᠯᠲᠡ ᠶᠢᠨ ᠬᠠᠷᠠᠯᠲᠠ      2026᠎ ᠤᠨ ᠪᠣᠯᠬᠤ ᠳᠤ᠂ ᠪᠦᠬᠦ ᠰᠢᠶᠠᠨ ᠰᠢᠶᠠᠩ ᠤᠨ ᠲᠣᠰᠬᠤᠨ ᠤ ᠠᠷᠠᠳ ᠤᠨ ᠪᠠᠭᠤᠳᠠᠯ ᠤᠨ ᠢ ᠬᠡᠪᠴᠢᠶ᠎ᠡ ᠠᠴᠠ ᠶᠠᠰᠤ ᠴᠢᠨᠠᠷ ᠬᠦᠷᠲᠡᠯ᠎ᠡ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠭᠤᠣᠯ ᠰᠡᠳᠦᠪᠲᠦ ᠠᠷᠠᠳ ᠤᠨ ᠪᠠᠭᠤᠳᠠᠯ ᠢ ᠪᠠᠶᠢᠭᠤᠯᠵᠤ᠂ ᠠᠷᠠᠳ ᠤᠨ ᠪᠠᠭᠤᠳᠠᠯ ᠤᠨ ᠲᠥᠯᠥᠪᠵᠢᠭᠦᠯᠭᠡ ᠶᠢ ᠨᠡᠩ ᠵᠦᠢ ᠵᠣᠬᠢᠰᠲᠠᠢ᠂ ᠬᠥᠭᠵᠢᠯᠲᠡ ᠶᠢ ᠨᠡᠩ ᠡᠮᠬᠢ ᠵᠢᠷᠤᠮ ᠲᠠᠢ ᠂ ᠦᠢᠯᠡᠳᠬᠦᠨ ᠢ ᠨᠡᠩ ᠡᠯᠪᠡᠭ ᠪᠠᠶᠠᠯᠢᠭ᠂ ᠣᠨᠴᠠᠯᠢᠭ ᠢ ᠨᠡᠩ ᠢᠯᠡ ᠲᠣᠳᠣ᠂ ᠦᠢᠯᠡᠴᠢᠯᠡᠭᠡ ᠶᠢ ᠨᠡᠩ ᠵᠢᠷᠤᠮᠵᠢᠯ ᠲᠠᠢ᠂ ᠵᠠᠬ᠎ᠠ ᠳᠡᠯᠭᠡᠭᠦᠷ ᠤᠨ ᠰᠢᠰᠲ᠋ᠧᠮ ᠢ ᠨᠡᠩ ᠪᠦᠷᠢᠨ ᠲᠡᠭᠦᠯᠳᠡᠷ ᠪᠣᠯᠭᠠᠭᠰᠠᠨ ᠬᠥᠭᠵᠢᠯᠲᠡ ᠶᠢᠨ ᠲᠣᠭᠲᠠᠴᠠ ᠶᠢ ᠠᠬᠢᠭᠤᠯᠵᠤ᠂ ᠣᠷᠣᠨ ᠪᠦᠰᠡ ᠠᠯᠳᠠᠷᠲᠠᠢ᠂ ᠤᠮᠠᠷᠠᠲᠤ ᠣᠷᠣᠨ ᠨᠡᠷᠡᠳᠦ᠂ ᠤᠯᠤᠰ ᠤᠨ ᠳᠣᠲᠣᠭᠠᠳᠤ ᠳᠤ ᠠᠯᠳᠠᠷᠲᠠᠢ ᠬᠥᠳᠡᠭᠡ ᠲᠣᠰᠬᠤᠨ ᠤ ᠠᠷᠠᠳ ᠤᠨ ᠪᠠᠭᠤᠳᠠᠯ ᠠᠮᠠᠷᠠᠯᠲᠠ ᠶᠢᠨ ᠵᠣᠷᠢᠯᠲᠠ ᠶᠢᠨ ᠭᠠᠵᠠᠷ ᠢ ᠪᠦᠷᠢᠯᠳᠦᠭᠦᠯᠬᠦ ᠶᠢ ᠠᠬᠢᠭᠤᠯᠤᠨ᠎ᠠ᠃      ᠬᠤᠶᠠᠷ᠂ ᠪᠠᠶᠢᠭᠤᠯᠬᠤ ᠨᠥᠬᠦᠴᠡᠯ      ︵ᠨᠢᠭᠡ︶ ᠡᠵᠡᠩᠨ᠋ᠡᠯᠲᠡ ᠶᠢᠨ ᠭᠤᠤᠯ ᠴᠣᠭᠴᠠ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠢ ᠪᠠᠭᠲᠠᠭᠠᠨ᠎ᠠ᠃ ᠨᠥᠬᠦᠴᠡᠯ ᠲᠠᠢ ᠲᠠᠷᠢᠶᠠᠴᠢᠨ ᠡᠷᠦᠬᠡ ᠥᠪᠡᠷ ᠤᠨ ᠣᠷᠣᠨ ᠰᠠᠭᠤᠴᠠ ᠶᠢᠨ ᠰᠠᠭᠤᠷᠢ ᠭᠠᠵᠠᠷ ᠪᠠ ᠲᠠᠷᠢᠶᠠᠴᠢᠳ ᠤᠨ ᠭᠡᠷ ᠪᠠᠶᠢᠰᠢᠩ ᠢᠶᠠᠨ ᠠᠰᠢᠭᠯᠠᠨ ᠬᠥᠳᠡᠭᠡ ᠲᠣᠰᠬᠤᠨ ᠤ ᠠᠷᠠᠳ ᠤᠨ ᠪᠠᠭᠤᠳᠠᠯ ᠡᠵᠡᠩᠨᠡᠬᠦ ᠶᠢ ᠵᠣᠷᠢᠭᠵᠢᠭᠤᠯᠤᠨ᠎ᠠ᠃ ᠪᠣᠳᠠᠲᠤ ᠬᠦᠴᠦᠨ ᠲᠠᠢ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠤᠰᠬᠠᠶᠢᠵᠢᠭᠰᠠᠨ ᠡᠵᠡᠩᠨᠡᠯᠲᠡ ᠶᠢᠨ ᠴᠢᠳᠠᠪᠤᠷᠢ ᠲᠠᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠨᠢ ᠪᠠᠯᠠ ᠣᠷᠣᠭᠤᠯᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠭᠦᠨ ᠳᠤ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠤᠶᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢᠶᠠᠷ ᠡᠵᠡᠩᠨᠡᠭᠦᠯᠵᠦ ᠪᠠᠶᠢᠪᠠᠯ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠭᠠᠳᠠᠭᠰᠢ ᠪᠠᠨ ᠬᠤᠷᠰᠢᠯᠴᠠᠬᠤ ᠶᠢ ᠨᠢᠭᠡᠳᠦᠯᠲᠡᠶ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠵᠣᠬᠢᠴᠠᠩᠭᠤᠶ ᠪᠦᠬᠦᠢ ᠠᠰᠢᠭ ᠣᠯᠵᠠᠪᠤᠷᠢ ᠶᠢ ᠣᠯᠵᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠣᠯᠭᠠᠵᠤ ᠪᠣᠯᠤᠨ᠎ᠠ᠃      ︵ᠭᠤᠷᠪᠠ︶ ᠠᠮᠢ ᠠᠬᠤᠶ ᠶᠢᠨ ᠣᠷᠴᠢᠨ ᠲᠤᠬᠤᠷᠢᠨ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠎ ᠨᠢ ᠪᠠᠶᠢᠭ᠎ᠠ ᠭᠠᠵᠠᠷ ᠤᠨ ᠢᠶᠠᠨ ᠣᠷᠴᠢᠨ ᠲᠣᠭᠤᠷᠢᠨ ᠤ ᠪᠠᠭᠲᠠᠭᠠᠮᠵᠢ ᠪᠠ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠪᠡᠯᠡᠳᠬᠡᠮᠵᠢ ᠶᠢ ᠵᠡᠷᠭᠡ ᠪᠠᠷ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠬᠦ᠂ ᠵᠢᠷᠤᠮᠵᠢᠭᠤᠯᠤᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠪᠡᠯᠡᠳᠬᠡᠮᠵᠢ ᠶᠢ ᠪᠦᠷᠢᠨ ᠭᠦᠢᠴᠡᠳ ᠪᠣᠯᠭᠠᠨ᠎ᠠ᠃ ᠡᠵᠡᠩᠨᠡᠯᠲᠡ ᠶᠢᠨ ᠣᠷᠣᠨ ᠪᠦᠰᠡ ᠶᠢᠨ ᠬᠠᠤᠯᠢ ᠠᠴᠠ ᠵᠥᠷᠢᠴᠡᠭᠰᠡᠨ ᠭᠡᠷ ᠤᠨ ᠭᠠᠳᠠᠨᠠᠬᠢ ᠵᠠᠷ ᠮᠡᠳᠡᠭᠡ ᠶᠢᠨ ᠪᠡᠯᠡᠳᠬᠡᠮᠵᠢ ᠵᠢᠴᠢ ᠬᠡᠰᠡᠭ ᠪᠤᠰᠠᠭ ᠳᠤᠷ᠎ᠠ ᠪᠠᠷ ᠢᠶᠠᠨ ᠳᠡᠯᠭᠡᠭᠡ ᠮᠠᠶᠢᠮᠠᠶ ᠶᠢ ᠪᠦᠬᠦ ᠲᠠᠯ᠎ᠠ ᠪᠠᠷ ᠠᠷᠢᠯᠭᠠᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠶ᠃ ᠭᠡᠷ ᠪᠠᠶᠢᠰᠢᠩ ᠤᠨ ᠪᠠᠷᠢᠯᠭ᠎ᠠ ᠶᠢᠨ ᠳᠦᠷᠰᠦ ᠪᠠᠶᠢᠳᠠᠯ ᠢ ᠲᠤᠬᠠᠶ ᠶᠢᠨ ᠭᠠᠵᠠᠷ ᠤᠨ ᠲᠣᠰᠬᠤᠨ ᠤ ᠳᠦᠷᠰᠦ ᠪᠠᠶᠢᠳᠠᠯ᠂ ᠠᠶᠢᠯ ᠲᠣᠰᠬᠤᠨ ᠤ ᠣᠷᠴᠢᠨ ᠲᠣᠭᠤᠷᠢᠨ ᠤ ᠦᠵᠡᠮᠵᠢ ᠯᠦᠭᠡ ᠵᠣᠬᠢᠴᠠᠯᠳᠤᠭᠤᠯᠬᠤ ᠬᠡᠷᠡᠭᠲᠡᠶ᠃     ︵ᠳᠥᠷᠪᠡ︶᠂ ᠣᠯᠠᠨ ᠨᠡᠶᠢᠲᠡ ᠶᠢᠨ ᠠᠮᠤᠷ ᠲᠦᠪᠰᠢᠨ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠨᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ︽ᠲᠠᠷᠢᠶᠠᠴᠢᠨ ᠠᠶᠢᠯ ᠤᠨ ᠪᠠᠶᠠᠰᠤᠯ ︵ᠣᠷᠣᠨ ᠰᠠᠭᠤᠴᠠ ︶᠎ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠵᠢᠯᠣᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶᠎ ᠢ ᠦᠨᠳᠦᠰᠦᠯᠡᠬᠦ ᠬᠡᠷᠡᠭᠲᠡᠢ︶ ᠭᠠᠯ ᠤᠨᠲᠠᠷᠠᠭᠠᠬᠤ ᠴᠢᠬᠤᠯᠠ ᠪᠦᠬᠦᠢ ᠪᠡᠯᠡᠳᠬᠡᠮᠵᠢ ᠪᠠᠭᠠᠵᠢ ᠬᠡᠷᠡᠭᠰᠡᠯ ᠢ ᠲᠣᠬᠢᠷᠠᠭᠤᠯᠵᠤ᠂ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠢᠳᠡᠭᠡᠨ ᠤ ᠠᠶᠤᠯ ᠦᠭᠡᠶ᠂ ᠡᠷᠡᠭᠦᠯ ᠬᠠᠮᠠᠭᠠᠯᠠᠯ ᠤᠨ ᠠᠶᠤᠯ ᠦᠭᠡᠶ᠂ ᠠᠮᠤᠷ ᠲᠦᠪᠰᠢᠨ ᠤ ᠠᠮᠤᠷ ᠲᠦᠪᠰᠢᠨ᠂ ᠣᠷᠴᠢᠨ ᠲᠣᠭᠤᠷᠢᠨ ᠤ ᠠᠮᠤᠷ ᠲᠦᠪᠰᠢᠨ ᠵᠡᠷᠭᠡ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠵᠢᠷᠤᠮᠯᠠᠵᠤ᠂ ᠵᠣᠬᠢᠴᠠᠩᠭᠤᠶ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠬᠤ ᠬᠡᠷᠡᠭᠲᠡᠶ᠃      ︵ᠲᠠᠪᠤ︶ ᠠᠵᠢᠯᠲᠠᠨ᠃ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠠᠵᠢᠯ ᠡᠷᠬᠢᠯᠡᠵᠦ ᠪᠠᠶᠢᠭ᠎ᠠ ᠬᠥᠮᠦᠰ ᠨᠢ ᠬᠠᠤᠯᠢ ᠶᠣᠰᠣᠨ ᠤ ᠪᠡᠶ᠎ᠡ ᠶᠢᠨ ᠦᠨᠡᠮᠯᠡᠯ ᠪᠤᠶᠤ ᠠᠵᠢᠯ ᠡᠷᠬᠢᠯᠡᠵᠦ ᠪᠠᠶᠢᠭ᠎ᠠ ᠦᠨᠡᠮᠯᠡᠯ ᠢᠶᠠᠨ ᠠᠪᠴᠤ᠂ ᠬᠢᠯᠢ ᠶᠢᠨ ᠭᠠᠳᠠᠨ᠎ᠠ ᠠᠵᠢᠯ ᠡᠷᠬᠢᠯᠡᠵᠦ ᠪᠠᠶᠢᠭ᠎ᠠ ᠬᠥᠮᠦᠰ ᠪᠠᠰᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠠᠵᠢᠯ ᠡᠷᠬᠢᠯᠡᠵᠦ ᠪᠠᠶᠢᠭ᠎ᠠ ᠬᠥᠮᠦᠰ ᠡᠷᠡᠭᠦᠯ ᠮᠡᠨᠳᠦ ᠶᠢᠨ ᠭᠡᠷᠡᠴᠢ ᠣᠯᠤᠭᠰᠠᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠭᠠᠬᠤ ᠶᠢᠨ ᠬᠠᠮᠲᠤ ᠣᠨ ᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠪᠣᠯᠤᠨ ᠬᠠᠮᠢᠶ᠎ᠠ ᠪᠦᠬᠦᠢ ᠠᠮᠤᠷ ᠲᠦᠪᠰᠢᠨ ᠤ ᠪᠣᠯᠪᠠᠰᠤᠷᠠᠭᠤᠯᠤᠯ ᠬᠢᠬᠦ ᠬᠡᠷᠡᠭᠲᠡᠶ᠃      ︵ᠵᠢᠷᠭᠤᠭ᠎ᠠ︶ ᠡᠵᠡᠩᠨ᠋ᠡᠯᠲᠡ ᠶᠢ ᠵᠢᠷᠤᠮᠵᠢᠬᠤᠯᠬᠤ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠡᠵᠡᠩᠨᠡᠭᠴᠢ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ᠂ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠬᠡᠷᠡᠭᠲᠡᠶ ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠢ ᠱᠠᠭᠠᠷᠳᠠᠯᠭ᠎ᠠ ᠶᠣᠰᠣᠭᠠᠷ ᠤᠭᠰᠠᠷᠠᠨ ᠬᠡᠷᠡᠭᠯᠡᠵᠦ᠂ ᠠᠶᠠᠨᠴᠢᠳ ᠤᠨ ᠬᠤᠨᠣᠵᠤ ᠬᠡᠪᠲᠡᠬᠦ ᠶᠢ ᠳᠠᠩᠰᠠᠯᠠᠨ ᠲᠡᠮᠳᠡᠭᠯᠡᠬᠦ᠂ ᠵᠣᠴᠢᠨ ᠰᠤᠷᠪᠤᠯᠵᠢᠯᠠᠬᠤ ᠶᠢ ᠳᠠᠩᠰᠠᠯᠠᠨ ᠲᠡᠮᠳᠡᠭᠯᠡᠬᠦ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠦᠨ᠎ᠡ ᠬᠠᠩᠰᠢ ᠶᠢ ᠢᠯᠡ ᠬᠠᠳᠠᠬᠤ ᠰᠦᠢᠳᠬᠡᠯ ᠬᠤᠷᠢᠶᠠᠬᠤ ᠪᠠᠷᠢᠮᠵᠢᠶ᠎ᠠ᠂ ᠬᠤᠨᠣᠭᠯᠠᠬᠤ ᠵᠣᠴᠢᠳ ᠲᠤ ᠡᠷᠬᠡᠪᠰᠢ ᠮᠡᠳᠡᠬᠦ ᠪᠠ ᠠᠮᠤᠷ ᠲᠦᠪᠰᠢᠨ ᠤ ᠰᠠᠨᠠᠭᠤᠯᠤᠮᠵᠢ ᠲᠠᠢ ᠪᠠᠶᠢᠬᠤ ᠶᠢᠨ ᠬᠠᠮᠲᠤ᠂ ᠵᠢᠩᠬᠢᠨᠢ ᠵᠥᠪ ᠣᠨᠣᠪᠴᠢᠲᠠᠶ ᠬᠤᠨᠤᠭ᠂ ᠢᠳᠡᠭᠡᠨ ᠤᠮᠳᠠᠭᠠᠨ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃      ᠭᠤᠷᠪᠠ᠂ ᠵᠢᠷᠤᠮᠵᠢᠭᠤᠯᠤᠨ ᠬᠠᠮᠢᠶᠠᠷᠬᠤ      ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠶᠠᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠰᠢᠶᠠᠨ ᠤ ᠬᠢᠨᠠᠨ ᠪᠤᠳᠤᠬᠤ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠤᠨ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢ ᠠᠬᠢᠭᠤᠯᠬᠤ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶᠎ ᠢ ᠪᠠᠶᠢᠭᠤᠯᠵᠤ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠲᠣᠬᠢᠷᠠᠭᠤᠯᠪᠠ᠃ ᠬᠠᠮᠲᠤᠷᠠᠭᠰᠠᠨ ᠬᠤᠷᠠᠯ ᠳᠤ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠤᠨ ᠡᠭᠦᠷᠭᠡ ᠵᠡᠷᠭᠡ ᠶᠢ ᠬᠠᠷᠢᠭᠤᠴᠠᠨ ᠲᠣᠭᠲᠠᠭᠠᠵᠤ᠂ ᠡᠯ᠎ᠡ ᠲᠥᠷᠥᠯ ᠤᠨ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢ ᠲᠥᠪᠯᠡᠷᠡᠭᠦᠯᠬᠦ ᠶᠢ ᠴᠢᠩᠭᠠᠳᠬᠠᠨ᠎ᠠ︔ ᠬᠠᠮᠲᠤᠷᠠᠨ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠵᠥᠪᠰᠢᠶᠡᠷᠡᠨ ᠣᠷᠣᠭᠤᠯᠬᠤ ᠶᠢ ᠬᠤᠯᠪᠣᠭᠠᠯᠠᠨ ᠬᠢᠨᠠᠨ ᠬᠠᠷᠭᠤᠭᠤᠯᠤᠨ᠎ᠠ︔ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠠᠮᠲᠤᠷᠠᠭᠰᠠᠨ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠳᠥᠷᠪᠡ᠂ ᠬᠢᠨᠠᠨ ᠵᠥᠪᠰᠢᠶᠡᠷᠡᠬᠦ ᠴᠤᠪᠤᠷᠠᠯ      ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠵᠥᠪᠰᠢᠶᠡᠷᠡᠨ ᠣᠷᠣᠭᠤᠯᠬᠤ ᠳᠤ ᠬᠤᠯᠪᠣᠭᠠᠯᠠᠨ ᠬᠢᠨᠠᠨ ᠬᠠᠷᠭᠤᠭᠤᠯᠬᠤ ᠠᠷᠭ᠎ᠠ ᠮᠠᠶ᠋ᠢᠭ ᠢ ᠠᠪᠴᠤ᠂ ᠭᠡᠷᠡᠴᠢ ᠦᠨᠡᠮᠯᠡᠯ ᠭᠦᠢᠴᠡᠳᠭᠡᠬᠦ ᠭᠠᠷᠳᠠᠮ ᠢ ᠳᠥᠭᠦᠮᠴᠢᠯᠡᠬᠦ ᠪᠠ ᠰᠢᠯᠢᠳᠡᠭᠵᠢᠭᠦᠯᠬᠦ ᠬᠡᠷᠡᠭᠲᠡᠢ᠃ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠨᠢ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠢᠨᠠᠨ ᠵᠥᠪᠰᠢᠶᠡᠷᠡᠯ ᠳᠤ ᠬᠠᠮᠲᠤᠷᠠᠨ ᠭᠥᠯᠢᠶᠡᠨ ᠠᠪᠴᠤ ᠰᠢᠶ᠋ᠳᠪᠦᠷᠢᠯᠡᠬᠦ᠂ ᠬᠠᠮᠲᠤᠷᠠᠨ ᠬᠢᠨᠠᠨ ᠬᠠᠷᠭᠤᠭᠤᠯᠬᠤ᠂ ᠬᠠᠮᠲᠤᠷᠠᠨ ᠬᠠᠶᠢᠨ ᠰᠢᠨᠵᠢᠬᠦ᠂ ᠨᠢᠭᠡ ᠬᠦᠰᠦᠨᠦᠭᠲᠦ ᠮᠠᠶ᠋ᠢᠭ ᠤᠨ ᠬᠢᠨᠠᠨ ᠵᠥᠪᠰᠢᠶᠡᠷᠡᠯ ᠢ ᠬᠡᠷᠡᠭᠵᠢᠭᠦᠯᠬᠦ ᠶᠢ ᠬᠠᠷᠢᠭᠤᠴᠠᠨ᠎ᠠ᠃      1. ᠭᠤᠶᠤᠴᠢᠯᠠᠯ ᠢᠶᠠᠨ ᠲᠤᠰᠢᠶᠠᠨ᠎ᠠ᠃ ᠠᠷᠠᠳ ᠤᠨ ᠪᠠᠭᠤᠳᠠᠯ ᠤᠨ ᠡᠵᠡᠩᠨᠡᠯᠲᠡ ᠶᠢᠨ ᠭᠤᠣᠯ ᠴᠣᠭᠴᠠ ᠠᠴᠠ ᠭᠤᠶᠤᠴᠢᠯᠠᠯ ᠭᠠᠷᠭᠠᠵᠤ᠂ ᠲᠣᠰᠬᠤᠨ ᠤ ᠠᠷᠠᠳ ᠤᠨ ᠵᠥᠪᠯᠡᠯ ᠠᠴᠠ ᠠᠩᠬᠠᠨ ᠤ ᠬᠢᠨᠠᠯᠲᠠ ᠬᠢᠬᠦ ᠶᠢᠨ ᠬᠠᠮᠲᠤ ᠰᠠᠨᠠᠯ ᠢᠶᠠᠨ ᠳᠤᠷᠠᠳᠤᠭᠰᠠᠨ ᠤ ᠳᠠᠷᠠᠭ᠎ᠠ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤ ᠲᠤᠰᠢᠶᠠᠨ᠎ᠠ᠃      2. ᠰᠢᠶᠠᠩ ᠪᠠᠯᠭᠠᠰᠤ ᠬᠢᠨᠠᠨ ᠬᠠᠷᠭᠤᠭᠤᠯᠤᠨ᠎ᠠ᠃ ᠰᠢᠶᠠᠩ ᠪᠠᠯᠭᠠᠰᠤᠨ ᠤ ᠵᠠᠰᠠᠭ ᠤᠨ ᠣᠷᠳᠣᠨ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ ᠶᠢ ᠵᠣᠬᠢᠶᠠᠨ ᠪᠠᠶᠢᠭᠤᠯᠵᠤ᠂ ᠭᠡᠷ ᠪᠠᠶᠢᠰᠢᠩ ᠤᠨ ᠬᠠᠤᠯᠢ ᠶᠣᠰᠣᠴᠢ ᠴᠢᠨᠠᠷ᠂ ᠪᠠᠶᠢᠷᠢᠰᠢᠭᠤᠯᠤᠯ ᠵᠦᠶ ᠶᠣᠰᠣᠴᠢ ᠴᠢᠨᠠᠷ ᠵᠡᠷᠭᠡ ᠬᠠᠮᠢᠶ᠎ᠠ ᠪᠦᠬᠦᠢ ᠨᠥᠬᠦᠴᠡᠯ ᠢ ᠬᠢᠨᠠᠨ ᠬᠠᠷᠭᠤᠭᠤᠯᠬᠤ ᠶᠢᠨ ᠬᠠᠮᠲᠤ ᠰᠠᠨᠠᠯ ᠢᠶᠠᠨ ᠭᠠᠷ ᠤᠨ ᠦᠰᠦᠭ ᠵᠢᠷᠤᠵᠤ᠂ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠲᠤᠰᠢᠶᠠᠨ ᠳᠠᠩᠰᠠᠯᠠᠭᠤᠯᠬᠤ ᠬᠡᠷᠡᠭᠲᠡᠶ᠃      3. ᠪᠦᠬᠦ᠋ᠢᠯᠡ ᠲᠣᠰᠬᠤᠨ ᠢᠶᠠᠷ ᠨᠢ ᠲᠦᠯᠬᠢᠨ ᠠᠬᠢᠭᠤᠯᠬᠤ ᠠᠷᠠᠳ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠭᠰᠡᠨ ᠪᠥᠭᠡᠳ ᠭᠠᠷᠳᠠᠮ ᠢ ᠲᠡᠭᠦᠯᠳᠡᠷᠵᠢᠭᠦᠯᠦᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠵᠤ ᠪᠣᠯᠤᠨ᠎ᠠ᠃      4. ᠭᠡᠷᠡᠴᠢ ᠦᠨᠡᠮᠯᠡᠯ ᠢ ᠭᠦᠢᠴᠡᠳᠭᠡᠨ᠎ᠡ᠃ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠡᠯ᠎ᠡ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠲᠠᠢ ᠬᠠᠮᠲᠤᠷᠠᠨ ᠬᠠᠮᠲᠤᠷᠠᠨ ᠬᠢᠨᠠᠨ ᠬᠠᠷᠭᠤᠭᠤᠯᠬᠤ ᠳᠤᠭᠤᠶᠢᠯᠠᠩ ᠪᠠᠶᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠢ ᠬᠠᠮᠲᠤᠷᠠᠨ ᠬᠦᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠬᠠᠶᠢᠨ ᠰᠢᠨᠵᠢᠬᠦ᠂ ᠬᠠᠮᠲᠤᠷᠠᠨ ᠬᠢᠨᠠᠨ ᠬᠠᠷᠭᠤᠭᠤᠯᠬᠤ ᠶᠢ ᠬᠡᠷᠡᠭᠵᠢᠭᠦᠯᠦᠨ᠎ᠡ᠃ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠤᠳ ᠨᠢᠭᠡ ᠭᠠᠷᠠᠭ ᠤᠨ ᠳᠣᠲᠣᠷ᠎ᠠ ᠬᠠᠮᠢᠶ᠎ᠠ ᠪᠦᠬᠦᠢ ᠭᠡᠷᠡᠴᠢ ᠦᠨᠡᠮᠯᠡᠯ ᠤᠨ ᠭᠠᠷᠳᠠᠮ ᠭᠦᠢᠴᠡᠳᠬᠡᠬᠦ ᠪᠤᠶᠤ ᠳᠠᠩᠰᠠᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠂ ᠪᠤᠰᠤᠳ ᠤᠷᠢᠳᠠᠴᠢ ᠨᠥᠬᠦᠴᠡᠯ ᠪᠠᠶᠢᠷᠢᠯᠠᠭᠤᠯᠬᠤ ᠦᠭᠡᠶ᠃ ᠨᠥᠬᠦᠴᠡᠯ ᠳᠤ ᠨᠡᠶᠢᠴᠡᠬᠦ ᠦᠭᠡᠶ ᠪᠣᠯ ᠭᠤᠶᠤᠴᠢᠯᠠᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠬᠡᠷᠡᠭᠲᠡᠶ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠰᠢᠶᠠᠨ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠠᠮᠲᠤ ᠪᠠᠯᠭᠠᠰᠤ ︵ᠰᠢᠶᠠᠩ︶᠂ ᠲᠣᠰᠬᠤᠨ᠂ ᠬᠠᠮᠲᠤᠷᠠᠭᠰᠠᠨ ᠬᠤᠷᠠᠯ ᠤᠨ ᠬᠠᠮᠲᠤᠷᠠᠨ ᠬᠥᠳᠡᠯᠦᠯᠴᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠄ ᠪᠠᠯᠭᠠᠰᠤ ︵ᠰᠢᠶᠠᠩ︶ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠬᠦ᠂ ᠡᠳᠦᠷ ᠲᠤᠲᠤᠮ ᠤᠨ ᠦᠢᠯᠡᠴᠢᠯᠡᠭᠡ ᠵᠢᠴᠢ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ︔ ᠲᠣᠰᠬᠤᠨ ᠤ ᠱᠠᠲᠤᠨ ᠤ ᠳᠠᠪᠬᠤᠷᠭ᠎ᠠ ᠠᠴᠠ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠦᠨᠳᠦᠰᠦᠨ ᠡᠵᠡᠩᠨᠡᠯᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ︔ ᠬᠠᠮᠲᠤᠷᠠᠭᠰᠠᠨ ᠬᠤᠷᠠᠯ ᠠᠴᠠ ᠬᠠᠮᠢᠶᠠᠷᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠵᠢᠷᠤᠮᠵᠢᠯ ᠲᠠᠢ ᠥᠪᠡᠷ ᠢ ᠪᠠᠨ ᠱᠠᠭᠠᠷᠳᠠᠬᠤ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃      ︵ᠬᠤᠶᠠᠷ︶ ᠲᠡᠳᠭᠦᠨ ᠳᠡᠮᠵᠢᠬᠦ ᠲᠥᠷᠥ ᠶᠢᠨ ᠪᠣᠳᠣᠯᠭ᠎ᠠ ᠭᠠᠷᠭᠠᠵᠠᠢ᠃ ᠠᠷᠠᠳ ᠤᠨ ᠪᠠᠭᠤᠳᠠᠯ ᠤᠨ ᠬᠥᠭᠵᠢᠯᠲᠡ ᠳᠤ ᠬᠤᠯᠪᠣᠭᠳᠠᠬᠤ ᠵᠠᠮ᠂ ᠨᠣᠭᠤᠭᠠᠷᠠᠭᠤᠯᠤᠯᠲᠠ᠂ ᠲᠡᠷᠭᠡᠨ ᠵᠣᠭᠰᠣᠭᠠᠯ᠂ ᠲᠡᠮᠳᠡᠭ ᠫᠠᠶᠢᠰᠠ ᠵᠡᠷᠭᠡ ᠴᠢᠬᠤᠯᠠ ᠪᠦᠬᠦᠢ ᠵᠢᠭᠤᠯᠴᠢᠯᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠷᠠᠳ ᠤᠨ ᠪᠠᠭᠤᠳᠠᠯ ᠤᠨ ᠬᠥᠭᠵᠢᠯᠲᠡ ᠶᠢᠨ ᠪᠡᠯᠡ ᠮᠥᠩᠭᠦ ᠶᠢ ᠱᠠᠩᠨᠠᠬᠤ᠂ ᠵᠢᠭᠡᠯᠡᠯᠭᠡ ᠶᠢᠨ ᠳᠠᠮ ᠬᠦᠦ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠣᠰᠬᠤᠨ ᠤ ᠠᠷᠠᠳ᠂ ᠨᠡᠶᠢᠭᠡᠮ ᠤᠨ ᠬᠥᠷᠥᠩᠭᠡ ᠶᠢ ᠭᠦᠢᠴᠡᠳ ᠳᠠᠶᠢᠴᠢᠯᠠᠵᠤ ᠠᠷᠠᠳ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠣᠷᠣᠯᠴᠠᠭᠤᠯᠤᠨ᠎ᠠ︔ ᠭᠠᠵᠠᠷ ᠣᠷᠣᠨ ᠤ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢ ᠠᠬᠢᠭᠤᠯᠵᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠬᠦᠮᠵᠢ ᠦᠵᠡᠭᠦᠯᠦᠨ᠎ᠡ᠃      ︵ᠭᠤᠷᠪᠠ︶ ᠠᠵᠢᠯ ᠲᠥᠷᠥᠯ ᠤᠨ ᠵᠢᠷᠤᠮᠵᠢᠯ ᠢ ᠲᠣᠳᠣᠷᠬᠠᠶᠢᠯᠠᠵᠤ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠠᠮᠲᠤᠷᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠷᠠᠳ ᠤᠨ ᠪᠠᠭᠤᠳᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠪᠠᠭᠤᠳᠠᠯ ᠤᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠬᠥᠭᠵᠢᠯᠲᠡ ᠶᠢ ᠠᠬᠢᠭᠤᠯᠤᠨ᠎ᠠ᠃      ︵ᠲᠦᠷᠪᠡ︶ ᠠᠷᠠᠳ ᠤᠨ ᠪᠠᠭᠤᠳᠠᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠠᠵᠢᠯ ᠲᠦᠷᠦᠯ ᠤᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ᠂ ᠲᠥᠯᠥᠪᠵᠢᠭᠦᠯᠭᠡ ᠵᠢᠷᠤᠭ ᠲᠥᠯᠥᠪᠯᠡᠭᠡ᠂ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠷᠠᠳ ᠤᠨ ᠪᠠᠭᠤᠳᠠᠯ ᠤᠨ ᠠᠵᠢᠯ ᠲᠦᠷᠦᠯ ᠤᠨ ᠴᠢᠳᠠᠪᠤᠷᠢᠲᠠᠨ ᠢ ᠪᠤᠶᠢᠵᠢᠭᠤᠯᠤᠨ ᠪᠦᠳᠦᠭᠡᠨ ᠪᠠᠶᠢᠭᠤᠯᠬᠤ ᠶᠢ ᠴᠢᠩᠭᠠᠳᠬᠠᠵᠤ᠂ ︽ᠬᠠᠮᠢᠶᠠᠷᠤᠭᠴᠢ︾᠂ ︽ᠳᠡᠯᠭᠡᠭᠦᠷ ᠤᠨ ᠳᠠᠷᠤᠭ᠎ᠠ︾᠎ ᠶᠢᠨ ᠲᠤᠰᠬᠠᠢ ᠴᠢᠳᠠᠪᠤᠷᠢᠲᠠᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠰᠬᠠᠢ ᠮᠡᠷᠭᠡᠵᠢᠯ᠂ ᠪᠣᠳᠠᠲᠠᠢ ᠠᠵᠢᠯᠯᠠᠬᠤ᠂ ᠥᠨᠳᠥᠷ ᠪᠦᠲᠦᠮᠵᠢᠲᠡᠢ ᠠᠷᠠᠳ ᠤᠨ ᠪᠠᠭᠤᠳᠠᠯ ᠤᠨ ᠠᠵᠢᠯ ᠲᠦᠷᠦᠯ ᠤᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ᠎ᠡ᠃ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠬᠥᠳᠡᠭᠡ ᠲᠣᠰᠬᠤᠨ ᠤ ᠵᠠᠯᠠᠭᠤᠴᠤᠳ ᠤᠨ ᠨᠤᠲᠤᠭ ᠲᠠᠭᠠᠨ ᠪᠤᠴᠠᠵᠤ ᠠᠵᠢᠯ ᠣᠯᠬᠤ ᠶᠢ ᠲᠡᠳᠡᠨ ᠠᠪᠴᠢᠷᠠᠵᠤ᠂ ᠨᠢᠭᠡ ᠪᠦᠯᠦᠭ ᠠᠷᠠᠳ ᠤᠨ ᠪᠠᠭᠤᠳᠠᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠬᠤ ᠰᠢᠨ᠎ᠡ ᠮᠠᠶ᠋ᠢᠭ ᠤᠨ ᠲᠠᠷᠢᠶᠠᠴᠢᠳ ᠢ ᠬᠥᠮᠦᠵᠢᠭᠦᠯᠵᠦ᠂ ᠠᠷᠠᠳ ᠤᠨ ᠪᠠᠭᠤᠳᠠᠯ ᠤᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃      ︵ᠲᠠᠪᠤ︶ ᠤᠬᠠᠬᠤᠯᠭ᠎ᠠ ᠪᠤᠷᠤᠯᠠᠬᠤᠯᠭ᠎ᠠ ᠶᠢ ᠴᠢᠩᠬᠠᠳᠬᠠᠬᠤ᠃ ᠵᠠᠭᠤᠴᠢᠯᠠᠭᠤᠷ᠂ ᠰᠦᠯᠵᠢᠶ᠎ᠡ᠂ ᠭᠤᠷᠪᠠᠳᠠᠬᠢ ᠡᠲᠡᠭᠡᠳ ᠤᠨ ᠲᠠᠪᠴᠠᠩ ᠵᠡᠷᠭᠡ ᠣᠯᠠᠨ ᠵᠦᠢᠯ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠵᠢᠭᠤᠯᠴᠢᠯᠠᠯ ᠤᠨ ᠦᠢᠯᠡᠳᠬᠦᠨ ᠵᠢᠴᠢ ᠵᠠᠮ ᠱᠤᠭᠤᠮ ᠢ ᠳᠡᠯᠭᠡᠷᠡᠭᠦᠯᠵᠦ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠨᠠᠷᠠᠲᠤ ᠲᠡᠮᠳᠡᠭᠲᠦ ᠶᠢ ᠪᠤᠶᠢᠵᠢᠭᠤᠯᠤᠨ᠂ ᠨᠢᠭᠡ ᠪᠦᠯᠦᠭ ᠰᠣᠳᠣᠨ ᠠᠷᠠᠳ ᠤᠨ ᠪᠠᠭᠤᠳᠠᠯ ᠢ ᠪᠣᠶ ᠪᠣᠯᠭᠠᠬᠤ ᠪᠠ ᠳᠡᠯᠭᠡᠷᠡᠭᠦᠯᠦᠨ᠎ᠡ᠃ ᠠᠷᠠᠳ ᠤᠨ ᠪᠠᠭᠤᠳᠠᠯ ᠢ ᠪᠣᠷᠣᠯᠠᠭᠤᠯᠬᠤ ᠠᠷᠭ᠎ᠠ ᠵᠠᠮ ᠢ ᠣᠯᠠᠨ ᠳᠡᠰ ᠳᠠᠪᠬᠤᠷᠭ᠎ᠠ ᠪᠠᠷ ᠥᠷᠭᠡᠳᠬᠡᠵᠦ᠂ ᠠᠷᠠᠳ ᠤᠨ ᠪᠠᠭᠤᠳᠠᠯ ᠢ ᠲᠦᠷᠢᠶᠡᠰᠦᠯᠡᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠤᠨ ᠰᠣᠶᠣᠯ ᠤᠨ ᠨᠠᠶᠢᠷ ᠢ ᠡᠷᠬᠢᠯᠡᠬᠦ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠦᠵᠡᠰᠬᠦᠯᠡᠩ ᠳᠤ ᠢᠳᠡᠪᠬᠢᠲᠡᠢ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠪᠠᠭᠤᠳᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠩ ᠾᠧ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠠᠯᠳᠠᠷᠰᠢᠯ ᠢ ᠳᠡᠭᠡᠭᠰᠢᠯᠡᠭᠦᠯᠦᠨ᠎ᠡ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3