ᠡᠨᠡ ᠵᠢᠯ ᠠᠴᠠ ᠨᠠᠰᠢ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠴᠠᠭ ᠢ ᠤᠷᠲᠤᠳᠬᠠᠭᠰᠠᠨ ᠤᠶᠢᠯᠡᠴᠢᠯᠡᠭᠡ︾ ᠶᠢᠨ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠯᠠᠭᠤᠨ ᠳᠤᠯᠠᠭᠠᠨ᠂ ᠣᠪᠣᠷ ᠲᠠᠢ᠂ ᠬᠤᠷᠳᠤᠴᠠ ᠲᠠᠢ︾ ᠵᠠᠰᠠᠭ ᠤᠨ | ᠶᠠᠪᠤᠳᠠᠯ ᠤᠨ ᠤᠶᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠴᠣᠩᠬᠤᠪᠴᠢ ᠪᠠᠷ ᠠᠵᠢᠯ ᠶᠠᠪᠤᠳᠠᠯ | ᠭᠦᠢᠴᠡᠳᠭᠡᠬᠦ ᠴᠠᠭ ᠢ ︽ᠬᠤᠭᠤᠰᠣᠨ ᠲᠠᠩᠰᠠ ᠡᠪᠬᠡᠮᠡᠯ︾ ᠥᠬᠡᠶ᠂ ᠭᠦᠢᠴᠡᠳᠭᠡᠬᠦ ᠵᠦᠢᠯᠡᠰ ᠲᠤ ︽ᠬᠤᠭᠤᠰᠣᠨ | ᠲᠠᠩᠰᠠ ᠡᠪᠬᠡᠮᠡᠯ︾ ᠥᠬᠡᠶ᠂ ᠴᠢᠨᠠᠷ ᠰᠠᠶᠢᠲᠠᠶ ᠤᠶᠢᠯᠡᠴᠢᠯᠡᠭᠡ ᠳᠤ ︽ᠬᠠᠷᠰᠢ ᠰᠠᠭᠠᠳ︾ ᠥᠬᠡᠶ ᠪᠠᠶᠢᠬᠤ ᠶᠢ ᠦᠨᠡᠨ | ᠬᠦ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ︽ᠠᠵᠢᠯᠯᠠᠵᠤ ᠭᠦᠢᠴᠡᠳᠭᠡᠬᠦ ᠳᠤ ᠬᠤᠭᠤᠰᠣᠨ ᠭᠠᠵᠠᠷ | ᠥᠬᠡᠶ ᠪᠠᠶᠢᠬᠤ ᠬᠦᠴᠢᠷ ᠠᠰᠠᠭᠤᠳᠠᠯ ᠢ ᠦᠨᠡᠨ ᠬᠦ ᠰᠢᠢᠤᠡᠪᠤᠷᠢᠯᠡᠵᠤ᠂ ︽ᠴᠠᠭ ᠢ ᠤᠷᠲᠤᠳᠬᠠᠭᠰᠠᠨ ᠤᠶᠢᠯᠡᠴᠢᠯᠡᠭᠡ︾ | ᠶᠢ ︽ᠰᠡᠳᠬᠢᠯ ᠲᠠᠢ︾ ᠤᠶᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠣᠳᠣ ᠪᠣᠯᠲᠠᠯ᠎ᠠ᠂ ᠰᠢᠩ ᠾᠧ | ᠰᠢᠶᠠᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠨᠡᠶᠢᠲᠡ 1685 ᠬᠤᠪᠢ ᠤᠷᠢᠳᠴᠢᠯᠠᠨ | ᠪᠣᠯᠵᠣᠬᠤ ᠴᠠᠭ ᠢ ᠤᠷᠲᠤᠳᠬᠠᠬᠤ ᠦᠢᠯᠡᠴᠢᠯᠡᠭᠡ ᠶᠢ ᠪᠡᠶᠡᠯᠡᠭᠦᠯᠵᠦ᠂ ᠲᠠᠪᠤᠳᠤᠭᠠᠷ ᠰᠠᠷ᠎ᠠ ᠳᠤ ᠣᠯᠠᠨ ᠲᠦᠮᠡᠨ ᠳᠤ | ᠪᠣᠯᠵᠣᠬᠤ ᠴᠠᠭ ᠢ ᠤᠷᠲᠤᠳᠬᠠᠬᠤ ᠦᠢᠯᠡᠴᠢᠯᠡᠭᠡ ᠶᠢ 43 ᠬᠤᠪᠢ ᠬᠠᠩᠭᠠᠪᠠ᠃ | ᠴᠠᠭ ᠬᠤᠭᠤᠴᠠᠭ᠎ᠠ ᠪᠠᠨ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ︽ᠳᠣᠲᠣᠨᠣ︾ | ᠪᠣᠯᠭᠠᠪᠠ᠃ ᠠᠵᠤ ᠠᠬᠤᠶᠢᠯᠠᠯ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠲᠤᠬᠠᠶᠢᠯᠠᠭᠰᠠᠨ ᠠᠵᠢᠯ ᠢᠶᠠᠨ | ᠠᠰᠠᠭᠤᠨ ᠯᠠᠪᠯᠠᠵᠤ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠰᠢᠩ ᠾᠧ ᠰᠢᠶᠠᠨ ᠤ ᠵᠠᠰᠠᠭ ᠤᠨ | ᠶᠠᠪᠤᠳᠠᠯ ᠤᠨ ᠲᠤᠭ᠎ᠠ ᠶᠢᠨ ᠲᠣᠪᠴᠢᠶ᠎ᠠ ᠠᠵᠢᠯ ᠤᠨ ᠡᠳᠦᠷ ᠢᠶᠠᠨ ︽ᠴᠠᠭ ᠢ ᠤᠷᠲᠤᠳᠬᠠᠭᠰᠠᠨ ᠦᠢᠯᠡᠴᠢᠯᠡᠭᠡ︾ ᠶᠢᠨ | ᠴᠠᠭ ᠲᠤ ᠪᠠᠨ ᠲᠣᠬᠢᠷᠠᠭᠤᠯᠤᠯᠲᠠ ᠬᠢᠵᠦ᠂ ︽ᠲᠤᠬᠠᠶ ᠶᠢᠨ ᠡᠳᠦᠷ ᠲᠤ ᠨᠢ ᠬᠦᠢᠴᠡᠳᠬᠡᠭᠰᠡᠨ ᠲᠡᠷᠡ ᠡᠳᠦᠷ ᠲᠤ ᠨᠢ | ᠬᠦᠢᠴᠡᠳᠬᠡᠬᠦ︾ ᠶᠢ ᠪᠡᠶᠡᠯᠡᠭᠦᠯᠪᠡ᠃ ᠠᠵᠢᠯᠯᠠᠬᠤ ᠡᠳᠦᠷ ᠲᠤ ᠭᠦᠢᠴᠡᠳᠬᠡᠬᠦ ᠴᠠᠭ ᠦᠭᠡᠶ ᠠᠵᠤ ᠠᠬᠤᠶᠢᠯᠠᠯ ᠪᠤᠶᠤ | ᠣᠯᠠᠨ ᠲᠦᠮᠡᠨ ᠭᠠᠷᠠᠭ ᠤᠨ ᠨᠢᠭᠡᠨ ᠠᠴᠠ ᠭᠠᠷᠠᠭ ᠤᠨ ᠳᠥᠷᠪᠡᠨ ᠤ ᠠᠵᠢᠯᠯᠠᠬᠤ ᠴᠠᠭ ᠲᠤ ᠤᠷᠢᠳᠴᠢᠯᠠᠨ ᠪᠣᠯᠵᠣᠵᠤ | ᠳᠡᠩᠰᠡᠯᠡᠵᠦ ᠪᠣᠯᠤᠨ᠎ᠠ᠂ ᠭᠠᠷᠠᠭ ᠤᠨ ᠵᠢᠷᠭᠤᠭᠠᠨ ᠤ ᠦᠳᠡ ᠶᠢᠨ ᠡᠮᠦᠨ᠎ᠡ 9᠄ 00 - 12᠄ 00 ᠬᠠᠮᠢᠶ᠎ᠠ ᠪᠥᠬᠦᠶ | ᠠᠵᠢᠯᠲᠠᠳ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ ᠪᠣᠯᠤᠨ᠎ᠠ᠃ ᠣᠯᠠᠨ ᠲᠦᠮᠡᠨ ᠤ ︽ᠪᠠᠴᠢᠮ︾ ᠪᠠ ᠠᠵᠢᠯ ᠳᠤ | ᠭᠠᠷᠤᠭᠰᠠᠨ ᠦᠨᠳᠦᠰᠦᠲᠡᠨ ᠤ ᠠᠵᠢᠯᠯᠠᠬᠤ ᠴᠠᠭ ᠪᠣᠯᠤᠨ ᠶᠡᠭᠡ ᠲᠢᠩᠬᠢᠮ ᠳᠤ ᠠᠵᠢᠯᠯᠠᠬᠤ ᠴᠠᠭ ᠤᠨ | ᠮᠥᠷᠭᠦᠯᠳᠦᠭᠡᠨ ᠤ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠳᠤ ︽ | ᠡᠭᠦᠳᠡ ᠪᠠᠨ ᠬᠠᠭᠠᠬᠤ ᠥᠬᠡᠶ︾ ᠪᠠᠶᠢᠬᠤ ᠶᠢ ᠦᠨᠡᠨ ᠰᠡᠳᠬᠢᠯ ᠠᠴᠠ ᠪᠠᠨ ᠪᠡᠶᠡᠯᠡᠭᠦᠯᠵᠦ᠂ ᠣᠯᠠᠨ ᠲᠦᠮᠡᠨ᠂ ᠬᠤᠪᠢ | ᠬᠥᠮᠦᠨ᠂ ᠠᠵᠤ ᠠᠬᠤᠶᠢᠯᠠᠯ ᠳᠤ ᠰᠠᠨᠠᠭ᠎ᠠ ᠠᠮᠤᠷ᠂ ᠰᠡᠳᠬᠢᠯ ᠠᠮᠤᠷ ᠠᠵᠢᠯ ᠶᠠᠪᠤᠳᠠᠯ ᠬᠢᠬᠦ ᠣᠶᠢᠯᠠᠭᠠᠯᠲᠠ ᠬᠠᠩᠭᠠᠬᠤ | ᠬᠡᠷᠡᠭᠲᠡᠶ᠃ | ᠴᠢᠳᠠᠪᠤᠷᠢ ᠪᠠᠨ ᠳᠡᠭᠡᠭᠱᠢᠯᠡᠭᠦᠯᠵᠦ ᠴᠠᠭ ᠢ ᠤᠷᠲᠤᠳᠭᠠᠬᠤ ᠦᠢᠯᠡᠴᠢᠯᠡᠭᠡ ᠨᠡᠩ ᠨᠠᠷᠢᠯᠢᠭ ᠪᠠᠢᠨ᠎ᠠ᠃ ︽ᠴᠠᠭ | ᠲᠤᠬᠠᠶ ᠳᠤᠨᠢ ᠤᠶᠢᠯᠡᠴᠢᠯᠡᠬᠦ︾ ᠶᠢ ︽ᠬᠡᠷᠡᠭᠴᠡᠭᠡ ᠶᠣᠰᠣᠭᠠᠷ ᠤᠶᠢᠯᠡᠴᠢᠯᠡᠬᠦ︾ ᠲᠡᠶᠢᠰᠢ ᠬᠤᠪᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠤ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠠᠩ ᠭᠠᠭᠴᠠ ᠴᠣᠩᠬᠤᠪᠴᠢ ᠶᠢᠨ ᠤᠶᠢᠯᠡᠴᠢᠯᠡᠭᠡᠨ ᠤ | ᠬᠢᠵᠠᠭᠠᠷᠯᠠᠯ ᠢ ᠡᠪᠳᠡᠵᠦ᠂ ︽ᠨᠢᠭᠡ ᠤᠴᠢᠷ ᠶᠠᠪᠤᠳᠠᠯ ᠢᠶᠠᠷ ᠣᠯᠠᠨ ᠲᠠᠯ᠎ᠠ ᠡᠷᠢᠬᠦ︾ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠳᠤ ︽ᠬᠠᠭᠤᠳᠠᠰᠤ ᠭᠦᠶᠦᠯᠭᠡᠬᠦ ᠥᠬᠡᠶ︾ ᠪᠠᠶᠢᠬᠤ ᠶᠢ ᠦᠨᠡᠨ ᠬᠦ | ᠪᠠᠲᠤᠯᠠᠪᠠ᠃ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ | ᠶᠡᠭᠡ ᠬᠡᠮᠵᠢᠶ᠎ᠡ ᠪᠠᠷ ᠬᠠᠩᠭᠠᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ | ᠦᠷᠭᠦᠯᠵᠢᠯᠡᠨ ᠥᠷᠭᠡᠳᠬᠡᠬᠦ ᠶᠢᠨ ᠲᠥᠯᠥᠭᠡ᠂ ᠣᠳᠣᠬᠠᠨ ᠳᠤ ᠨᠡᠶᠢᠲᠡ 1404 ᠵᠦᠢᠯ ᠤᠨ ᠲᠤᠬᠠᠶᠢᠯᠠᠭᠰᠠᠨ | ᠠᠵᠢᠯ ᠤᠨ ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠥᠬᠡᠶ ᠪᠠᠶᠢᠬᠤ ᠶᠢᠨ ᠬᠠᠮᠲᠤ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠤᠨ ᠲᠤᠭ᠎ᠠ | ᠬᠡᠮᠵᠢᠶ᠎ᠡ ᠶᠢ ᠥᠷᠭᠡᠳᠬᠡᠵᠦ᠂ ᠨᠠᠩ ᠣᠯᠠᠨ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠶᠢ ᠪᠠᠶᠢᠩᠭᠤᠵᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ | ᠬᠡᠪ ᠵᠠᠭᠪᠤᠷ ᠢᠶᠠᠨ ᠥᠷᠭᠡᠳᠬᠡᠵᠦ᠂ ᠠᠵᠢᠯ ᠶᠠᠪᠤᠳᠠᠯ ᠭᠦᠢᠴᠡᠳᠭᠡᠬᠦ ᠥᠩᠭᠡᠷᠡᠯᠲᠡ ᠪᠠᠨ ᠨᠠᠩ ᠢᠯᠡᠭᠦᠤ | ᠪᠣᠯᠭᠠᠪᠠ᠃ ᠤᠯᠤᠰ ᠲᠥᠷᠥ ᠶᠢᠨ ᠲᠣᠪᠴᠢᠶ᠎ᠠ ᠦᠢᠯᠡᠴᠢᠯᠡᠭᠡᠨ ᠤ ᠵᠠᠭᠪᠤᠷ ᠢᠶᠠᠨ ᠥᠷᠭᠡᠳᠬᠡᠵᠦ᠂ ᠣᠯᠠᠨ ᠲᠦᠮᠡᠨ | ᠲᠤᠬᠠᠶ ᠶᠢᠨ ᠲᠠᠯᠠᠪᠤᠷ ᠲᠤ ᠪᠣᠯᠵᠣᠬᠤ᠂ ᠤᠲᠠᠰᠤ ᠪᠠᠷ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠵᠤ ᠪᠣᠯᠤᠨ᠎ᠠ᠃ ᠴᠣᠩᠬᠤᠪᠴᠢ ᠶᠢᠨ ᠠᠵᠢᠯᠲᠠᠳ ᠪᠣᠯᠵᠣᠬᠤ ᠮᠡᠳᠡᠭᠡ | ᠵᠠᠩᠭᠢ ᠶᠢ ᠦᠨᠳᠦᠰᠦᠯᠡᠨ᠂ ᠣᠯᠠᠨ ᠲᠦᠮᠡᠨ ᠤ ᠭᠤᠶᠤᠴᠢᠯᠠᠨ ᠮᠡᠳᠡᠭᠦᠯᠦᠭᠰᠡᠨ ᠲᠤᠬᠠᠶᠢᠯᠠᠭᠰᠠᠨ ᠠᠵᠢᠯ ᠤᠨ ᠲᠥᠷᠥᠯ | ᠢᠯᠭᠠᠯ ᠢ ᠣᠶᠢᠯᠠᠭᠠᠵᠤ᠂ ᠠᠵᠢᠯ ᠤᠨ ᠠᠭᠤᠯᠭ᠎ᠠ ᠪᠠᠨ ᠵᠦᠶ ᠵᠣᠬᠢᠰᠲᠠᠶ ᠳᠣᠭᠢᠷᠠᠭᠤᠯᠤᠨ᠂ ᠠᠵᠢᠯ ᠶᠠᠪᠤᠳᠠᠯ | ᠭᠦᠢᠴᠡᠳᠭᠡᠬᠦ ᠣᠯᠠᠨ ᠲᠦᠮᠡᠨ ᠳᠤ ᠴᠠᠭ ᠲᠤᠬᠠᠶ ᠳᠤᠨᠢ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢ ᠦᠨᠡᠨᠬᠦ | ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |