ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠨᠢᠭᠡᠴᠡ ᠳᠤ᠄ | ︽ᠠᠷᠠᠳ ᠤᠨ ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ | ᠰᠠᠨᠠᠯ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 7 ᠰᠠᠷ᠎ᠠ ᠶᠢᠨ 4 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠠᠷᠠᠳ ᠤᠨ ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ | ᠰᠠᠨᠠᠯ | ᠬᠥᠳᠡᠭᠡ ᠲᠣᠰᠬᠤᠨ ᠤ ᠠᠷᠠᠳ ᠤᠨ ᠪᠠᠭᠤᠳᠠᠯ ᠭᠡᠳᠡᠭ ᠨᠢ ᠬᠥᠳᠡᠭᠡ ᠲᠣᠰᠬᠤᠨ ᠤ ᠠᠷᠠᠳ ᠤᠨ ᠣᠷᠣᠨ | ᠰᠠᠭᠤᠴᠠ ᠵᠡᠷᠭᠡ ᠬᠠᠮᠢᠶ᠎ᠠ ᠪᠥᠬᠦᠶ ᠡᠬᠢ ᠪᠠᠶᠠᠯᠢᠭ ᠢ ᠠᠰᠢᠭᠯᠠᠨ᠂ ᠡᠵᠡᠨ ᠨᠢ ᠡᠵᠡᠩᠨᠡᠯᠲᠡ ᠶᠢᠨ ᠦᠢᠯᠡᠴᠢᠯᠡᠭᠡ ᠳᠤ | ᠣᠷᠣᠯᠴᠠᠵᠤ᠂ ᠵᠢᠭᠤᠯᠴᠢᠯᠠᠭᠴᠢᠳ ᠲᠤ ᠲᠤᠬᠠᠶ ᠶᠢᠨ ᠭᠠᠵᠠᠷ ᠤᠨ ᠪᠠᠶᠢᠭᠠᠯᠢ᠂ ᠰᠣᠶᠣᠯ ᠬᠢᠭᠡᠳ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠪᠡᠶᠡᠴᠢᠯᠡᠨ ᠣᠶᠢᠯᠠᠭᠠᠬᠤ ᠵᠢᠵᠢᠭ ᠬᠡᠯᠪᠡᠷᠢ ᠶᠢᠨ ᠬᠤᠨᠣᠭᠯᠠᠬᠤ ᠪᠡᠯᠡᠳᠬᠡᠮᠵᠢ ᠶᠢ | ᠵᠢᠭᠠᠵᠤ ᠪᠣᠶ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠪᠣᠯ ᠬᠥᠳᠡᠭᠡ ᠲᠣᠰᠬᠤᠨ ᠤ ᠵᠢᠭᠤᠯᠴᠢᠯᠠᠯ ᠤᠨ | ᠴᠢᠬᠤᠯᠠ ᠡᠵᠡᠩᠨᠡᠯᠲᠡ ᠶᠢᠨ ᠬᠡᠯᠪᠡᠷᠢ ᠮᠥᠨ᠂ ᠬᠥᠳᠡᠭᠡ ᠲᠣᠰᠬᠤᠨ ᠤ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠴᠢᠬᠤᠯᠠ ᠬᠥᠳᠡᠯᠭᠡᠬᠦ ᠬᠦᠴᠦᠨ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠮᠥᠨ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ | ᠵᠡᠷᠭᠡ ᠠᠷᠪᠠᠨ ᠶᠠᠮᠤᠨ ᠵᠥᠪᠯᠡᠯ ᠤᠨ ︽ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠪᠦᠷᠢᠯᠳᠦᠭᠦᠯᠬᠦ ᠶᠢᠨ ᠲᠤᠰᠠᠳᠠ᠂ ᠲᠣᠰ ᠵᠢᠯᠣᠭᠤᠳᠬᠤ ᠰᠠᠨᠠᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯ ᠮᠠᠨᠳᠤᠯ ᠤᠨ ᠣᠷᠣᠨ | ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠦᠨᠳᠦᠰᠦ ᠪᠣᠯᠭᠠᠵᠤ᠂ ᠨᠡᠶᠢᠰᠯᠡᠯ ᠤᠨ ︽ᠠᠷᠤ ᠴᠡᠴᠡᠷᠯᠢᠭ︾ ᠢ | ᠪᠦᠳᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠬᠦ᠂ ᠬᠥᠳᠡᠭᠡ | ᠲᠣᠰᠬᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠭᠠᠵᠠᠷ ᠣᠷᠣᠨ ᠤ ᠰᠣᠶᠣᠯ ᠢ ᠢᠯᠡᠷᠡᠭᠦᠯᠬᠦ ᠪᠠᠷ | ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠡᠷᠡᠭᠦᠯ ᠢᠶᠠᠷ ᠦᠷᠭᠦᠯᠵᠢᠯᠡᠨ | ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ | ᠳᠡᠪᠰᠢᠭᠦᠯᠬᠦ ᠶᠢ ᠠᠬᠢᠭᠤᠯᠵᠤ᠂ ᠤᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1. ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠡᠮᠬᠢ ᠵᠢᠷᠤᠮ ᠲᠠᠢ ᠪᠠᠷ | ᠬᠥᠭᠵᠢᠭᠦᠯᠦᠨ᠎ᠡ᠃ ︽ᠲᠥᠯᠥᠪᠵᠢᠭᠦᠯᠭᠡ ᠶᠢ ᠤᠷᠢᠳᠠᠪᠠᠷ ᠬᠢᠬᠦ︾ ᠦᠵᠡᠯ ᠤᠬᠠᠮᠰᠠᠷ ᠢ ᠴᠢᠩᠭᠠᠷᠠᠭᠤᠯᠵᠤ᠂ ᠬᠤᠲᠠ | ᠬᠥᠳᠡᠭᠡ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠪᠠᠶᠢᠷᠢᠰᠢᠭᠤᠯᠤᠯ ᠢ ᠨᠢᠭᠡᠳᠦᠯᠲᠡᠶ | ᠲᠥᠯᠥᠪᠯᠡᠨ ᠰᠢᠯᠢᠳᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ | ᠰᠢᠰᠲ᠋ᠧᠮᠵᠢ ᠵᠢᠴᠢ ᠣᠷᠴᠢᠨ ᠲᠣᠭᠤᠷᠢᠨ᠂ ᠵᠢᠭᠤᠯᠴᠢᠯᠠᠯ ᠵᠡᠷᠭᠡ ᠲᠤᠰᠬᠠᠶ ᠲᠥᠯᠥᠪᠵᠢᠭᠦᠯᠭᠡ ᠯᠦᠭᠡ ᠬᠠᠷᠢᠯᠴᠠᠨ | ᠵᠣᠯᠭᠠᠯᠳᠤᠭᠤᠯᠬᠤ ᠶᠢ ᠰᠠᠶᠢᠲᠤᠷ ᠬᠢᠵᠦ᠂ ᠬᠠᠤᠯᠢ ᠶᠣᠰᠣᠨ ᠤ ᠡᠮᠬᠢ ᠵᠢᠷᠤᠮ ᠲᠠᠢ ᠪᠠᠷ ᠬᠥᠭᠵᠢᠭᠦᠯᠦᠭᠰᠡᠨ ᠤᠷᠢᠲᠠᠯ | ᠳᠣᠤᠷ᠎ᠠ ᠯᠠᠪᠳᠠᠭᠤᠨ ᠢᠶᠠᠷ ᠠᠬᠢᠭᠤᠯᠵᠤ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ᠂ ᠰᠣᠬᠤᠷ ᠪᠠᠯᠠᠶ ᠪᠠᠷ | ᠪᠠᠭᠤᠯᠭᠠᠬᠤ᠂ ᠡᠮᠬᠢ ᠵᠢᠷᠤᠮ ᠦᠭᠡᠶ ᠪᠠᠷ ᠬᠥᠭᠵᠢᠭᠦᠯᠬᠦ ᠶᠢ ᠰᠡᠷᠭᠡᠶᠢᠯᠡᠨ ᠬᠤᠷᠢᠭᠯᠠᠵᠤ᠂ ᠲᠥᠯᠥᠪᠵᠢᠭᠦᠯᠭᠡ ᠨᠢ | ᠲᠣᠳᠣᠷᠬᠠᠶ᠂ ᠪᠠᠶᠢᠷᠢᠯᠠᠭᠤᠯᠤᠯᠲᠠ ᠨᠢ ᠵᠦᠢ ᠵᠣᠬᠢᠰᠲᠠᠶ᠂ ᠨᠢᠭᠡᠳᠦᠯᠲᠡᠶ ᠲᠥᠯᠥᠪᠯᠡᠨ ᠵᠣᠬᠢᠴᠠᠯᠳᠤᠭᠰᠠᠨ ᠠᠷᠠᠳ ᠤᠨ | ᠪᠠᠭᠤᠳᠠᠯ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠶ᠃ | 2. ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠎ᠠ᠃ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠠᠮᠢ ᠠᠬᠤᠢ ᠶᠢᠨ ᠰᠠᠭᠤᠷᠢᠰᠢᠬᠤ ᠳᠤ | ᠲᠣᠬᠢᠷᠠᠮᠵᠢᠲᠠᠢ ᠪᠠᠶᠢᠬᠤ ᠶᠢ ᠲᠤᠪᠤᠶᠢᠯᠭᠠᠵᠦ᠂ ᠠᠷᠠᠳ ᠤᠨ ᠪᠠᠭᠤᠳᠠᠯ ᠢ ᠬᠥᠭᠵᠢᠭᠦᠯᠬᠦ ᠪᠠ ᠣᠷᠴᠢᠨ ᠲᠣᠭᠤᠷᠢᠨ ᠢ | ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠳᠡᠭᠡ ᠲᠣᠰᠬᠤᠨ ᠤ ᠤᠯᠠᠮᠵᠢᠯᠠᠯᠲᠤ ᠳᠦᠷᠰᠦ | ᠪᠠᠶᠢᠳᠠᠯ ᠢ ᠪᠠᠲᠤᠯᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠲᠣᠭᠤᠷᠢᠨ ᠢ ᠬᠠᠮᠠᠭᠠᠯᠠᠬᠤ᠂ | ᠪᠣᠷᠣᠭᠵᠢᠭᠤᠨ ᠪᠠᠶᠢᠭᠠᠯᠢ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠰᠠᠨᠠᠭᠠᠴᠢᠯᠠᠨ᠎ᠠ᠃ | 3. ᠣᠷᠣᠨ ᠨᠤᠲᠤᠭ ᠤᠨ ᠣᠨᠴᠠᠯᠢᠭ ᠢ ᠪᠠᠷᠢᠮᠲᠠᠯᠠᠬᠤ ᠬᠡᠷᠡᠭᠲᠡᠶ᠃ ᠥᠪᠡᠷᠮᠢᠴᠡ ᠰᠣᠶᠣᠯ ᠤᠨ ᠭᠤᠸ᠎ᠠ | ᠰᠠᠶᠢᠬᠠᠨ ᠪᠠ ᠨᠤᠲᠤᠭ ᠤᠨ ᠬᠠᠶᠢᠷ᠎ᠠ ᠰᠡᠳᠬᠢᠯᠭᠡ ᠶᠢ ᠳᠣᠪᠤᠶᠢᠯᠭᠠᠵᠤ᠂ ᠠᠷᠠᠳ ᠤᠨ ᠪᠠᠭᠤᠳᠠᠯ ᠤᠨ ᠪᠥᠲᠥᠭᠡᠨ | ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ | ᠪᠣᠯᠭᠠᠬᠤ ᠯᠤᠭ᠎ᠠ ᠬᠠᠷᠢᠯᠴᠠᠨ ᠤᠶᠠᠯᠳᠤᠭᠤᠯᠵᠤ᠂ ᠰᠢᠩ ᠾᠧ ᠤᠯᠠᠮᠵᠢᠯᠠᠯᠲᠤ ᠰᠣᠶᠣᠯ ᠪᠠ ᠨᠤᠲᠤᠭ ᠤᠨ ᠵᠠᠩ | ᠳᠠᠳᠬᠠᠯ ᠲᠠᠢ ᠨᠢᠭᠡ ᠪᠦᠯᠦᠭ ᠬᠥᠳᠡᠭᠡ ᠲᠣᠰᠬᠤᠨ ᠤ ᠭᠤᠤᠯ ᠰᠡᠳᠦᠪᠲᠦ ᠠᠷᠠᠳ ᠤᠨ ᠪᠠᠭᠤᠳᠠᠯ ᠢ ᠪᠠᠶᠢᠭᠤᠯᠤᠨ᠎ᠠ᠃ | ︽ᠠᠷᠠᠳ ᠤᠨ ᠪᠠᠭᠤᠳᠠᠯ︾᠂ ︽ᠠᠷᠠᠳ ᠤᠨ ᠣᠷᠣᠨ ᠰᠠᠭᠤᠴᠠ︾ ᠶᠢ ᠠᠭᠤᠰᠤᠯᠴᠠᠭᠤᠯᠤᠨ ᠬᠥᠭᠵᠢᠭᠦᠯᠬᠦ ᠶᠢ | ᠢᠳᠡᠪᠬᠢᠲᠡᠢ ᠠᠬᠢᠭᠤᠯᠵᠤ᠂ ᠰᠢᠩ ᠾᠧ ᠠᠷᠠᠳ ᠤᠨ ᠪᠠᠭᠤᠳᠠᠯ ᠢ ᠠᠮᠢ ᠠᠬᠤᠢ᠂ ᠰᠣᠶᠣᠯ᠂ ᠵᠤᠭᠠᠴᠠᠯ᠂ ᠪᠡᠶ᠎ᠡ ᠶᠢᠨ | ᠲᠠᠮᠢᠷ᠂ ᠡᠷᠡᠭᠦᠯᠵᠢᠯ ᠰᠤᠪᠢᠯᠠᠯᠲᠠ᠂ ᠰᠡᠯᠡᠭᠦᠴᠡᠯ ᠤᠨ ᠲᠠᠷᠢᠶᠠᠯᠠᠩ ᠵᠡᠷᠭᠡ ᠪᠦᠬᠦ ᠠᠵᠤ ᠦᠢᠯᠡᠰ ᠲᠠᠢ ᠭᠦᠨᠵᠡᠭᠡᠢ | ᠵᠣᠯᠭᠠᠭᠤᠯᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ | 4. ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ ᠶᠢ | ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠲᠡᠳᠬᠦᠬᠦ᠂ ᠣᠯᠠᠨ ᠨᠡᠶᠢᠲᠡ ᠶᠢᠨ ᠦᠢᠯᠡᠴᠢᠯᠡᠭᠡ᠂ | ᠵᠢᠷᠤᠮᠵᠢᠭᠤᠯᠤᠨ ᠬᠠᠮᠢᠶᠠᠷᠬᠤ᠂ ᠤᠬᠠᠭᠤᠯᠤᠨ ᠲᠠᠨᠢᠯᠴᠠᠭᠤᠯᠬᠤ ᠵᠡᠷᠭᠡ ᠲᠠᠯ᠎ᠠ ᠪᠠᠷ ᠬᠢ ᠵᠠᠰᠠᠭ ᠤᠨ ᠣᠷᠳᠣᠨ ᠤ | ᠦᠢᠯᠡᠳᠦᠯ ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠤᠨ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ | ᠵᠢᠷᠤᠮᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ | ᠦᠢᠯᠡᠳᠦᠯ ᠢ ᠴᠢᠩᠭᠠᠷᠠᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ | ᠨᠢᠭᠡᠳᠦᠯᠲᠡᠶ ᠲᠥᠯᠥᠪᠯᠡᠬᠦ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠲᠠᠷᠢᠶᠠᠴᠢᠨ ᠡᠷᠦᠬᠡ ᠪᠣᠯᠤᠨ ᠨᠡᠶᠢᠭᠡᠮ ᠤᠨ | ᠬᠥᠷᠥᠩᠭᠡ ᠪᠠᠷ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠡᠵᠡᠩᠨᠡᠯᠲᠡ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠤᠨ᠎ᠠ᠃ | 5. ᠲᠠᠷᠢᠶᠠᠯᠠᠩ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠶᠢ ᠪᠠᠷᠢᠮᠲᠠᠯᠠᠨ᠎ᠠ᠃ ᠲᠠᠷᠢᠶᠠᠴᠢᠳ ᠠᠴᠠ ᠠᠰᠢᠭ ᠬᠦᠷᠲᠡᠬᠦ ᠭᠤᠤᠯ ᠴᠣᠭᠴᠠ ᠪᠣᠯᠭᠠᠬᠤ ᠶᠢ ᠪᠠᠷᠢᠮᠲᠠᠯᠠᠨ᠂ | ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠲᠠᠷᠢᠶᠠᠴᠢᠳ ᠤᠨ ᠪᠦᠬᠦ ᠶᠠᠪᠤᠴᠠ ᠳᠤ ᠣᠷᠣᠯᠴᠠᠬᠤ ᠶᠢ | ᠴᠢᠬᠤᠯᠠᠴᠢᠯᠠᠨ᠂ ᠲᠠᠷᠢᠶᠠᠴᠢᠳ ᠤᠨ ᠢᠳᠡᠪᠬᠢᠵᠢᠯ᠂ ᠪᠦᠲᠦᠭᠡᠯᠴᠢ ᠴᠢᠨᠠᠷ ᠪᠣᠯᠤᠨ ᠣᠷᠣᠯᠴᠠᠬᠤ ᠴᠢᠨᠠᠷ ᠢ ᠳᠠᠶᠢᠴᠢᠯᠠᠵᠤ | ᠂ ᠲᠠᠷᠢᠶᠠᠴᠢᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ᠂ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠳᠠᠶᠢᠴᠢᠯᠠᠨ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠦᠷ᠎ᠡ | ᠪᠦᠲᠦᠭᠡᠯ ᠢ ᠲᠤᠬᠠᠶ ᠶᠢᠨ ᠭᠠᠵᠠᠷ ᠤᠨ ᠲᠠᠷᠢᠶᠠᠴᠢᠳ ᠲᠤ ᠬᠦᠷᠲᠡᠭᠡᠬᠦ ᠶᠢ ᠦᠨᠡᠨᠬᠦ ᠪᠠᠲᠤᠯᠠᠵᠤ᠂ ᠲᠠᠷᠢᠶᠠᠯᠠᠩ ᠢ | ᠲᠡᠳᠬᠦᠵᠦ ᠲᠠᠷᠢᠶᠠᠯᠠᠩ ᠢ ᠲᠤᠰᠠᠯᠠᠬᠤ᠂ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ | ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠣᠶ ᠪᠣᠯᠭᠠᠬᠤ | ᠬᠡᠷᠡᠭᠲᠡᠶ᠃ | ︵ᠭᠤᠷᠪᠠ︶ ᠬᠦᠭᠵᠢᠯᠲᠡ ᠶᠢᠨ ᠬᠠᠷᠠᠯᠲᠠ | 2026 ᠤᠨ ᠪᠣᠯᠬᠤ ᠳᠤ᠂ ᠪᠦᠬᠦ ᠰᠢᠶᠠᠨ ᠰᠢᠶᠠᠩ ᠤᠨ ᠲᠣᠰᠬᠤᠨ ᠤ ᠠᠷᠠᠳ ᠤᠨ ᠪᠠᠭᠤᠳᠠᠯ ᠤᠨ ᠢ | ᠬᠡᠪᠴᠢᠶ᠎ᠡ ᠠᠴᠠ ᠶᠠᠰᠤ ᠴᠢᠨᠠᠷ ᠬᠦᠷᠲᠡᠯ᠎ᠡ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠨᠢᠭᠡ ᠪᠦᠯᠦᠭ | ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠭᠤᠣᠯ ᠰᠡᠳᠦᠪᠲᠦ ᠠᠷᠠᠳ ᠤᠨ ᠪᠠᠭᠤᠳᠠᠯ ᠢ ᠪᠠᠶᠢᠭᠤᠯᠵᠤ᠂ | ᠠᠷᠠᠳ ᠤᠨ ᠪᠠᠭᠤᠳᠠᠯ ᠤᠨ ᠲᠥᠯᠥᠪᠵᠢᠭᠦᠯᠭᠡ ᠶᠢ ᠨᠡᠩ ᠵᠦᠢ ᠵᠣᠬᠢᠰᠲᠠᠢ᠂ ᠬᠥᠭᠵᠢᠯᠲᠡ ᠶᠢ ᠨᠡᠩ ᠡᠮᠬᠢ ᠵᠢᠷᠤᠮ ᠲᠠᠢ | ᠂ ᠦᠢᠯᠡᠳᠬᠦᠨ ᠢ ᠨᠡᠩ ᠡᠯᠪᠡᠭ ᠪᠠᠶᠠᠯᠢᠭ᠂ ᠣᠨᠴᠠᠯᠢᠭ ᠢ ᠨᠡᠩ ᠢᠯᠡ ᠲᠣᠳᠣ᠂ ᠦᠢᠯᠡᠴᠢᠯᠡᠭᠡ ᠶᠢ ᠨᠡᠩ | ᠵᠢᠷᠤᠮᠵᠢᠯ ᠲᠠᠢ᠂ ᠵᠠᠬ᠎ᠠ ᠳᠡᠯᠭᠡᠭᠦᠷ ᠤᠨ ᠰᠢᠰᠲ᠋ᠧᠮ ᠢ ᠨᠡᠩ ᠪᠦᠷᠢᠨ ᠲᠡᠭᠦᠯᠳᠡᠷ ᠪᠣᠯᠭᠠᠭᠰᠠᠨ ᠬᠥᠭᠵᠢᠯᠲᠡ ᠶᠢᠨ | ᠲᠣᠭᠲᠠᠴᠠ ᠶᠢ ᠠᠬᠢᠭᠤᠯᠵᠤ᠂ ᠣᠷᠣᠨ ᠪᠦᠰᠡ ᠠᠯᠳᠠᠷᠲᠠᠢ᠂ ᠤᠮᠠᠷᠠᠲᠤ ᠣᠷᠣᠨ ᠨᠡᠷᠡᠳᠦ᠂ ᠤᠯᠤᠰ ᠤᠨ | ᠳᠣᠲᠣᠭᠠᠳᠤ ᠳᠤ ᠠᠯᠳᠠᠷᠲᠠᠢ ᠬᠥᠳᠡᠭᠡ ᠲᠣᠰᠬᠤᠨ ᠤ ᠠᠷᠠᠳ ᠤᠨ ᠪᠠᠭᠤᠳᠠᠯ ᠠᠮᠠᠷᠠᠯᠲᠠ ᠶᠢᠨ ᠵᠣᠷᠢᠯᠲᠠ ᠶᠢᠨ ᠭᠠᠵᠠᠷ ᠢ | ᠪᠦᠷᠢᠯᠳᠦᠭᠦᠯᠬᠦ ᠶᠢ ᠠᠬᠢᠭᠤᠯᠤᠨ᠎ᠠ᠃ | ᠬᠤᠶᠠᠷ᠂ ᠪᠠᠶᠢᠭᠤᠯᠬᠤ ᠨᠥᠬᠦᠴᠡᠯ | ︵ᠨᠢᠭᠡ︶ ᠡᠵᠡᠩᠨ᠋ᠡᠯᠲᠡ ᠶᠢᠨ ᠭᠤᠤᠯ ᠴᠣᠭᠴᠠ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ | ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ | ᠲᠤᠰᠬᠠᠢ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠪᠣᠯᠣᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠢ ᠪᠠᠭᠲᠠᠭᠠᠨ᠎ᠠ᠃ ᠨᠥᠬᠦᠴᠡᠯ ᠲᠠᠢ ᠲᠠᠷᠢᠶᠠᠴᠢᠨ ᠡᠷᠦᠬᠡ | ᠥᠪᠡᠷ ᠤᠨ ᠣᠷᠣᠨ ᠰᠠᠭᠤᠴᠠ ᠶᠢᠨ ᠰᠠᠭᠤᠷᠢ ᠭᠠᠵᠠᠷ ᠪᠠ ᠲᠠᠷᠢᠶᠠᠴᠢᠳ ᠤᠨ ᠭᠡᠷ ᠪᠠᠶᠢᠰᠢᠩ ᠢᠶᠠᠨ ᠠᠰᠢᠭᠯᠠᠨ | ᠬᠥᠳᠡᠭᠡ ᠲᠣᠰᠬᠤᠨ ᠤ ᠠᠷᠠᠳ ᠤᠨ ᠪᠠᠭᠤᠳᠠᠯ ᠡᠵᠡᠩᠨᠡᠬᠦ ᠶᠢ ᠵᠣᠷᠢᠭᠵᠢᠭᠤᠯᠤᠨ᠎ᠠ᠃ ᠪᠣᠳᠠᠲᠤ ᠬᠦᠴᠦᠨ ᠲᠠᠢ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ᠂ ᠲᠤᠰᠬᠠᠶᠢᠵᠢᠭᠰᠠᠨ ᠡᠵᠡᠩᠨᠡᠯᠲᠡ ᠶᠢᠨ ᠴᠢᠳᠠᠪᠤᠷᠢ ᠲᠠᠢ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠨᠢ ᠪᠠᠯᠠ ᠣᠷᠣᠭᠤᠯᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ | ᠲᠣᠰᠬᠤᠨ ᠤ ᠠᠷᠠᠳ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠡᠭᠦᠨ ᠳᠤ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠤᠶᠤ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠢᠶᠠᠷ ᠡᠵᠡᠩᠨᠡᠭᠦᠯᠵᠦ ᠪᠠᠶᠢᠪᠠᠯ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠠᠴᠠ ᠭᠠᠳᠠᠭᠰᠢ ᠪᠠᠨ ᠬᠤᠷᠰᠢᠯᠴᠠᠬᠤ ᠶᠢ ᠨᠢᠭᠡᠳᠦᠯᠲᠡᠶ ᠵᠣᠬᠢᠶᠠᠨ ᠪᠠᠶᠢᠭᠤᠯᠤᠨ ᠥᠷᠨᠢᠭᠦᠯᠬᠦ ᠶᠢᠨ | ᠬᠠᠮᠲᠤ ᠵᠣᠬᠢᠴᠠᠩᠭᠤᠶ ᠪᠦᠬᠦᠢ ᠠᠰᠢᠭ ᠣᠯᠵᠠᠪᠤᠷᠢ ᠶᠢ ᠣᠯᠵᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠣᠯᠭᠠᠵᠤ | ᠪᠣᠯᠤᠨ᠎ᠠ᠃ | ︵ᠭᠤᠷᠪᠠ︶ ᠠᠮᠢ ᠠᠬᠤᠶ ᠶᠢᠨ ᠣᠷᠴᠢᠨ ᠲᠤᠬᠤᠷᠢᠨ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠨᠢ | ᠪᠠᠶᠢᠭ᠎ᠠ ᠭᠠᠵᠠᠷ ᠤᠨ ᠢᠶᠠᠨ ᠣᠷᠴᠢᠨ ᠲᠣᠭᠤᠷᠢᠨ ᠤ ᠪᠠᠭᠲᠠᠭᠠᠮᠵᠢ ᠪᠠ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ | ᠪᠡᠯᠡᠳᠬᠡᠮᠵᠢ ᠶᠢ ᠵᠡᠷᠭᠡ ᠪᠠᠷ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠪᠣᠬᠢᠷ ᠤᠰᠤ ᠶᠢ ᠪᠠᠷᠢᠮᠵᠢᠶ᠎ᠠ ᠳᠤ | ᠬᠦᠷᠭᠡᠬᠦ᠂ ᠵᠢᠷᠤᠮᠵᠢᠭᠤᠯᠤᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠨ ᠰᠢᠢᠳᠪᠦᠷᠢᠯᠡᠬᠦ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠲᠥᠬᠦᠭᠡᠷᠦᠮᠵᠢ ᠪᠡᠯᠡᠳᠬᠡᠮᠵᠢ ᠶᠢ ᠪᠦᠷᠢᠨ ᠭᠦᠢᠴᠡᠳ ᠪᠣᠯᠭᠠᠨ᠎ᠠ᠃ ᠡᠵᠡᠩᠨᠡᠯᠲᠡ ᠶᠢᠨ ᠣᠷᠣᠨ | ᠪᠦᠰᠡ ᠶᠢᠨ ᠬᠠᠤᠯᠢ ᠠᠴᠠ ᠵᠥᠷᠢᠴᠡᠭᠰᠡᠨ ᠭᠡᠷ ᠤᠨ ᠭᠠᠳᠠᠨᠠᠬᠢ ᠵᠠᠷ ᠮᠡᠳᠡᠭᠡ ᠶᠢᠨ ᠪᠡᠯᠡᠳᠬᠡᠮᠵᠢ ᠵᠢᠴᠢ ᠬᠡᠰᠡᠭ ᠪᠤᠰᠠᠭ | ᠳᠤᠷ᠎ᠠ ᠪᠠᠷ ᠢᠶᠠᠨ ᠳᠡᠯᠭᠡᠭᠡ ᠮᠠᠶᠢᠮᠠᠶ ᠶᠢ ᠪᠦᠬᠦ ᠲᠠᠯ᠎ᠠ ᠪᠠᠷ ᠠᠷᠢᠯᠭᠠᠵᠤ᠂ ᠲᠣᠰᠬᠤᠨ ᠤ ᠳᠦᠷᠰᠦ ᠪᠠᠶᠢᠳᠠᠯ ᠴᠡᠪᠡᠷ | ᠲᠡᠭᠰᠢ ᠪᠠᠶᠢᠬᠤ ᠶᠢ ᠪᠠᠲᠤᠯᠠᠬᠤ ᠬᠡᠷᠡᠭᠲᠡᠶ᠃ ᠭᠡᠷ ᠪᠠᠶᠢᠰᠢᠩ ᠤᠨ ᠪᠠᠷᠢᠯᠭ᠎ᠠ ᠶᠢᠨ ᠳᠦᠷᠰᠦ ᠪᠠᠶᠢᠳᠠᠯ ᠢ ᠲᠤᠬᠠᠶ ᠶᠢᠨ | ᠭᠠᠵᠠᠷ ᠤᠨ ᠲᠣᠰᠬᠤᠨ ᠤ ᠳᠦᠷᠰᠦ ᠪᠠᠶᠢᠳᠠᠯ᠂ ᠠᠶᠢᠯ ᠲᠣᠰᠬᠤᠨ ᠤ ᠣᠷᠴᠢᠨ ᠲᠣᠭᠤᠷᠢᠨ ᠤ ᠦᠵᠡᠮᠵᠢ ᠯᠦᠭᠡ | ᠵᠣᠬᠢᠴᠠᠯᠳᠤᠭᠤᠯᠬᠤ ᠬᠡᠷᠡᠭᠲᠡᠶ᠃ | ︵ᠳᠥᠷᠪᠡ︶᠂ ᠣᠯᠠᠨ ᠨᠡᠶᠢᠲᠡ ᠶᠢᠨ ᠠᠮᠤᠷ ᠲᠦᠪᠰᠢᠨ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠨᠢ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ | ᠶᠠᠮᠤᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ︽ᠲᠠᠷᠢᠶᠠᠴᠢᠨ ᠠᠶᠢᠯ ᠤᠨ ᠪᠠᠶᠠᠰᠤᠯ ︵ᠣᠷᠣᠨ ᠰᠠᠭᠤᠴᠠ | ︶ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠵᠢᠯᠣᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶ ᠢ ᠦᠨᠳᠦᠰᠦᠯᠡᠬᠦ | ᠬᠡᠷᠡᠭᠲᠡᠢ︶ ᠭᠠᠯ ᠤᠨᠲᠠᠷᠠᠭᠠᠬᠤ ᠴᠢᠬᠤᠯᠠ ᠪᠦᠬᠦᠢ ᠪᠡᠯᠡᠳᠬᠡᠮᠵᠢ ᠪᠠᠭᠠᠵᠢ ᠬᠡᠷᠡᠭᠰᠡᠯ ᠢ ᠲᠣᠬᠢᠷᠠᠭᠤᠯᠵᠤ᠂ ᠡᠳᠦᠷ | ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ | ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠢᠳᠡᠭᠡᠨ ᠤ ᠠᠶᠤᠯ ᠦᠭᠡᠶ᠂ ᠡᠷᠡᠭᠦᠯ | ᠬᠠᠮᠠᠭᠠᠯᠠᠯ ᠤᠨ ᠠᠶᠤᠯ ᠦᠭᠡᠶ᠂ ᠠᠮᠤᠷ ᠲᠦᠪᠰᠢᠨ ᠤ ᠠᠮᠤᠷ ᠲᠦᠪᠰᠢᠨ᠂ ᠣᠷᠴᠢᠨ ᠲᠣᠭᠤᠷᠢᠨ ᠤ ᠠᠮᠤᠷ ᠲᠦᠪᠰᠢᠨ | ᠵᠡᠷᠭᠡ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠵᠢᠷᠤᠮᠯᠠᠵᠤ᠂ ᠵᠣᠬᠢᠴᠠᠩᠭᠤᠶ ᠬᠠᠮᠢᠶᠠᠷᠤᠯᠲᠠ ᠶᠢᠨ ᠳᠦᠷᠢᠮ ᠪᠣᠯᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠬᠤ ᠬᠡᠷᠡᠭᠲᠡᠶ᠃ | ︵ᠲᠠᠪᠤ︶ ᠠᠵᠢᠯᠲᠠᠨ᠃ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠠᠵᠢᠯ ᠡᠷᠬᠢᠯᠡᠵᠦ | ᠪᠠᠶᠢᠭ᠎ᠠ ᠬᠥᠮᠦᠰ ᠨᠢ ᠬᠠᠤᠯᠢ ᠶᠣᠰᠣᠨ ᠤ ᠪᠡᠶ᠎ᠡ ᠶᠢᠨ ᠦᠨᠡᠮᠯᠡᠯ ᠪᠤᠶᠤ ᠠᠵᠢᠯ ᠡᠷᠬᠢᠯᠡᠵᠦ ᠪᠠᠶᠢᠭ᠎ᠠ ᠦᠨᠡᠮᠯᠡᠯ ᠢᠶᠠᠨ | ᠠᠪᠴᠤ᠂ ᠬᠢᠯᠢ ᠶᠢᠨ ᠭᠠᠳᠠᠨ᠎ᠠ ᠠᠵᠢᠯ ᠡᠷᠬᠢᠯᠡᠵᠦ ᠪᠠᠶᠢᠭ᠎ᠠ ᠬᠥᠮᠦᠰ ᠪᠠᠰᠠ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠠᠵᠢᠯ ᠡᠷᠬᠢᠯᠡᠵᠦ ᠪᠠᠶᠢᠭ᠎ᠠ | ᠬᠥᠮᠦᠰ ᠡᠷᠡᠭᠦᠯ ᠮᠡᠨᠳᠦ ᠶᠢᠨ ᠭᠡᠷᠡᠴᠢ ᠣᠯᠤᠭᠰᠠᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠭᠠᠬᠤ ᠶᠢᠨ ᠬᠠᠮᠲᠤ | ᠣᠨ ᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠪᠣᠯᠤᠨ ᠬᠠᠮᠢᠶ᠎ᠠ ᠪᠦᠬᠦᠢ ᠠᠮᠤᠷ ᠲᠦᠪᠰᠢᠨ ᠤ | ᠪᠣᠯᠪᠠᠰᠤᠷᠠᠭᠤᠯᠤᠯ ᠬᠢᠬᠦ ᠬᠡᠷᠡᠭᠲᠡᠶ᠃ | ︵ᠵᠢᠷᠭᠤᠭ᠎ᠠ︶ ᠡᠵᠡᠩᠨ᠋ᠡᠯᠲᠡ ᠶᠢ ᠵᠢᠷᠤᠮᠵᠢᠬᠤᠯᠬᠤ᠃ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ | ᠡᠵᠡᠩᠨᠡᠭᠴᠢ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ᠂ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ | ᠴᠡᠪᠡᠷ ᠤᠨ ᠵᠥᠪᠰᠢᠶᠡᠷᠡᠯ ᠤᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠬᠡᠷᠡᠭᠲᠡᠶ | ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠢ ᠱᠠᠭᠠᠷᠳᠠᠯᠭ᠎ᠠ | ᠶᠣᠰᠣᠭᠠᠷ ᠤᠭᠰᠠᠷᠠᠨ ᠬᠡᠷᠡᠭᠯᠡᠵᠦ᠂ ᠠᠶᠠᠨᠴᠢᠳ ᠤᠨ ᠬᠤᠨᠣᠵᠤ ᠬᠡᠪᠲᠡᠬᠦ ᠶᠢ ᠳᠠᠩᠰᠠᠯᠠᠨ ᠲᠡᠮᠳᠡᠭᠯᠡᠬᠦ᠂ ᠵᠣᠴᠢᠨ | ᠰᠤᠷᠪᠤᠯᠵᠢᠯᠠᠬᠤ ᠶᠢ ᠳᠠᠩᠰᠠᠯᠠᠨ ᠲᠡᠮᠳᠡᠭᠯᠡᠬᠦ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠬᠤ ᠬᠡᠷᠡᠭᠲᠡᠶ᠃ ᠦᠨ᠎ᠡ ᠬᠠᠩᠰᠢ ᠶᠢ ᠢᠯᠡ ᠬᠠᠳᠠᠬᠤ ᠰᠦᠢᠳᠬᠡᠯ ᠬᠤᠷᠢᠶᠠᠬᠤ ᠪᠠᠷᠢᠮᠵᠢᠶ᠎ᠠ᠂ | ᠬᠤᠨᠣᠭᠯᠠᠬᠤ ᠵᠣᠴᠢᠳ ᠲᠤ ᠡᠷᠬᠡᠪᠰᠢ ᠮᠡᠳᠡᠬᠦ ᠪᠠ ᠠᠮᠤᠷ ᠲᠦᠪᠰᠢᠨ ᠤ ᠰᠠᠨᠠᠭᠤᠯᠤᠮᠵᠢ ᠲᠠᠢ ᠪᠠᠶᠢᠬᠤ ᠶᠢᠨ ᠬᠠᠮᠲᠤ᠂ | ᠵᠢᠩᠬᠢᠨᠢ ᠵᠥᠪ ᠣᠨᠣᠪᠴᠢᠲᠠᠶ ᠬᠤᠨᠤᠭ᠂ ᠢᠳᠡᠭᠡᠨ ᠤᠮᠳᠠᠭᠠᠨ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ | ᠭᠤᠷᠪᠠ᠂ ᠵᠢᠷᠤᠮᠵᠢᠭᠤᠯᠤᠨ ᠬᠠᠮᠢᠶᠠᠷᠬᠤ | ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠲᠣᠪᠴᠢᠶ᠎ᠠ᠂ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠂ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ | ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠠᠮᠢ | ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ | ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠶᠠᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠶᠠᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠰᠢᠶᠠᠨ ᠤ | ᠬᠢᠨᠠᠨ ᠪᠤᠳᠤᠬᠤ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ | ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠤᠨ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢ | ᠠᠬᠢᠭᠤᠯᠬᠤ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠢ ᠪᠠᠶᠢᠭᠤᠯᠵᠤ᠂ | ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠲᠣᠬᠢᠷᠠᠭᠤᠯᠪᠠ᠃ | ᠬᠠᠮᠲᠤᠷᠠᠭᠰᠠᠨ ᠬᠤᠷᠠᠯ ᠳᠤ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ᠂ | ᠠᠵᠢᠯ ᠤᠨ ᠡᠭᠦᠷᠭᠡ ᠵᠡᠷᠭᠡ ᠶᠢ ᠬᠠᠷᠢᠭᠤᠴᠠᠨ ᠲᠣᠭᠲᠠᠭᠠᠵᠤ᠂ ᠡᠯ᠎ᠡ ᠲᠥᠷᠥᠯ ᠤᠨ ᠵᠣᠷᠢᠭᠵᠢᠭᠤᠯᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢ ᠲᠥᠪᠯᠡᠷᠡᠭᠦᠯᠬᠦ ᠶᠢ | ᠴᠢᠩᠭᠠᠳᠬᠠᠨ᠎ᠠ︔ ᠬᠠᠮᠲᠤᠷᠠᠨ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ | ᠠᠷᠠᠳ ᠤᠨ ᠪᠠᠭᠤᠳᠠᠯ ᠤᠨ ᠵᠥᠪᠰᠢᠶᠡᠷᠡᠨ ᠣᠷᠣᠭᠤᠯᠬᠤ ᠶᠢ ᠬᠤᠯᠪᠣᠭᠠᠯᠠᠨ ᠬᠢᠨᠠᠨ ᠬᠠᠷᠭᠤᠭᠤᠯᠤᠨ᠎ᠠ︔ ᠬᠥᠳᠡᠭᠡ | ᠲᠣᠰᠬᠤᠨ ᠤ ᠠᠷᠠᠳ ᠤᠨ ᠪᠠᠭᠤᠳᠠᠯ ᠤᠨ ᠬᠠᠮᠲᠤᠷᠠᠭᠰᠠᠨ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠲᠣᠭᠲᠠᠴᠠ ᠶᠢ | ᠪᠠᠶᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ᠂ ᠭᠠᠯ | ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠳᠥᠷᠪᠡ᠂ ᠬᠢᠨᠠᠨ ᠵᠥᠪᠰᠢᠶᠡᠷᠡᠬᠦ ᠴᠤᠪᠤᠷᠠᠯ | ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠵᠥᠪᠰᠢᠶᠡᠷᠡᠨ ᠣᠷᠣᠭᠤᠯᠬᠤ ᠳᠤ ᠬᠤᠯᠪᠣᠭᠠᠯᠠᠨ ᠬᠢᠨᠠᠨ | ᠬᠠᠷᠭᠤᠭᠤᠯᠬᠤ ᠠᠷᠭ᠎ᠠ ᠮᠠᠶ᠋ᠢᠭ ᠢ ᠠᠪᠴᠤ᠂ ᠭᠡᠷᠡᠴᠢ ᠦᠨᠡᠮᠯᠡᠯ ᠭᠦᠢᠴᠡᠳᠭᠡᠬᠦ ᠭᠠᠷᠳᠠᠮ ᠢ ᠳᠥᠭᠦᠮᠴᠢᠯᠡᠬᠦ ᠪᠠ | ᠰᠢᠯᠢᠳᠡᠭᠵᠢᠭᠦᠯᠬᠦ ᠬᠡᠷᠡᠭᠲᠡᠢ᠃ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠨᠢ | ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠢᠨᠠᠨ ᠵᠥᠪᠰᠢᠶᠡᠷᠡᠯ ᠳᠤ ᠬᠠᠮᠲᠤᠷᠠᠨ ᠭᠥᠯᠢᠶᠡᠨ ᠠᠪᠴᠤ | ᠰᠢᠶ᠋ᠳᠪᠦᠷᠢᠯᠡᠬᠦ᠂ ᠬᠠᠮᠲᠤᠷᠠᠨ ᠬᠢᠨᠠᠨ ᠬᠠᠷᠭᠤᠭᠤᠯᠬᠤ᠂ ᠬᠠᠮᠲᠤᠷᠠᠨ ᠬᠠᠶᠢᠨ ᠰᠢᠨᠵᠢᠬᠦ᠂ ᠨᠢᠭᠡ ᠬᠦᠰᠦᠨᠦᠭᠲᠦ | ᠮᠠᠶ᠋ᠢᠭ ᠤᠨ ᠬᠢᠨᠠᠨ ᠵᠥᠪᠰᠢᠶᠡᠷᠡᠯ ᠢ ᠬᠡᠷᠡᠭᠵᠢᠭᠦᠯᠬᠦ ᠶᠢ ᠬᠠᠷᠢᠭᠤᠴᠠᠨ᠎ᠠ᠃ | 1. ᠭᠤᠶᠤᠴᠢᠯᠠᠯ ᠢᠶᠠᠨ ᠲᠤᠰᠢᠶᠠᠨ᠎ᠠ᠃ ᠠᠷᠠᠳ ᠤᠨ ᠪᠠᠭᠤᠳᠠᠯ ᠤᠨ ᠡᠵᠡᠩᠨᠡᠯᠲᠡ ᠶᠢᠨ ᠭᠤᠣᠯ ᠴᠣᠭᠴᠠ ᠠᠴᠠ | ᠭᠤᠶᠤᠴᠢᠯᠠᠯ ᠭᠠᠷᠭᠠᠵᠤ᠂ ᠲᠣᠰᠬᠤᠨ ᠤ ᠠᠷᠠᠳ ᠤᠨ ᠵᠥᠪᠯᠡᠯ ᠠᠴᠠ ᠠᠩᠬᠠᠨ ᠤ ᠬᠢᠨᠠᠯᠲᠠ ᠬᠢᠬᠦ ᠶᠢᠨ ᠬᠠᠮᠲᠤ | ᠰᠠᠨᠠᠯ ᠢᠶᠠᠨ ᠳᠤᠷᠠᠳᠤᠭᠰᠠᠨ ᠤ ᠳᠠᠷᠠᠭ᠎ᠠ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤ ᠲᠤᠰᠢᠶᠠᠨ᠎ᠠ᠃ | 2. ᠰᠢᠶᠠᠩ ᠪᠠᠯᠭᠠᠰᠤ ᠬᠢᠨᠠᠨ ᠬᠠᠷᠭᠤᠭᠤᠯᠤᠨ᠎ᠠ᠃ ᠰᠢᠶᠠᠩ ᠪᠠᠯᠭᠠᠰᠤᠨ ᠤ ᠵᠠᠰᠠᠭ ᠤᠨ ᠣᠷᠳᠣᠨ ᠲᠤᠬᠠᠶ ᠶᠢᠨ | ᠭᠠᠵᠠᠷ ᠲᠤᠨᠢ ᠬᠠᠶᠢᠨ ᠰᠢᠨᠵᠢᠬᠦ ᠶᠢ ᠵᠣᠬᠢᠶᠠᠨ ᠪᠠᠶᠢᠭᠤᠯᠵᠤ᠂ ᠭᠡᠷ ᠪᠠᠶᠢᠰᠢᠩ ᠤᠨ ᠬᠠᠤᠯᠢ ᠶᠣᠰᠣᠴᠢ ᠴᠢᠨᠠᠷ᠂ | ᠪᠠᠶᠢᠷᠢᠰᠢᠭᠤᠯᠤᠯ ᠵᠦᠶ ᠶᠣᠰᠣᠴᠢ ᠴᠢᠨᠠᠷ ᠵᠡᠷᠭᠡ ᠬᠠᠮᠢᠶ᠎ᠠ ᠪᠦᠬᠦᠢ ᠨᠥᠬᠦᠴᠡᠯ ᠢ ᠬᠢᠨᠠᠨ ᠬᠠᠷᠭᠤᠭᠤᠯᠬᠤ ᠶᠢᠨ ᠬᠠᠮᠲᠤ | ᠰᠠᠨᠠᠯ ᠢᠶᠠᠨ ᠭᠠᠷ ᠤᠨ ᠦᠰᠦᠭ ᠵᠢᠷᠤᠵᠤ᠂ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠲᠤᠰᠢᠶᠠᠨ ᠳᠠᠩᠰᠠᠯᠠᠭᠤᠯᠬᠤ ᠬᠡᠷᠡᠭᠲᠡᠶ᠃ | 3. ᠪᠦᠬᠦ᠋ᠢᠯᠡ ᠲᠣᠰᠬᠤᠨ ᠢᠶᠠᠷ ᠨᠢ ᠲᠦᠯᠬᠢᠨ ᠠᠬᠢᠭᠤᠯᠬᠤ ᠠᠷᠠᠳ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠨᠠᠨ | ᠵᠥᠪᠰᠢᠶᠡᠷᠡᠭᠰᠡᠨ ᠪᠥᠭᠡᠳ ᠭᠠᠷᠳᠠᠮ ᠢ ᠲᠡᠭᠦᠯᠳᠡᠷᠵᠢᠭᠦᠯᠦᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠵᠤ ᠪᠣᠯᠤᠨ᠎ᠠ᠃ | 4. ᠭᠡᠷᠡᠴᠢ ᠦᠨᠡᠮᠯᠡᠯ ᠢ ᠭᠦᠢᠴᠡᠳᠭᠡᠨ᠎ᠡ᠃ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ | ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠡᠯ᠎ᠡ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠲᠠᠢ ᠬᠠᠮᠲᠤᠷᠠᠨ | ᠬᠠᠮᠲᠤᠷᠠᠨ ᠬᠢᠨᠠᠨ ᠬᠠᠷᠭᠤᠭᠤᠯᠬᠤ ᠳᠤᠭᠤᠶᠢᠯᠠᠩ ᠪᠠᠶᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠢ | ᠬᠠᠮᠲᠤᠷᠠᠨ ᠬᠦᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠬᠠᠶᠢᠨ ᠰᠢᠨᠵᠢᠬᠦ᠂ ᠬᠠᠮᠲᠤᠷᠠᠨ ᠬᠢᠨᠠᠨ | ᠬᠠᠷᠭᠤᠭᠤᠯᠬᠤ ᠶᠢ ᠬᠡᠷᠡᠭᠵᠢᠭᠦᠯᠦᠨ᠎ᠡ᠃ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠡᠯ᠎ᠡ ᠰᠠᠯᠠᠭ᠎ᠠ | ᠮᠥᠴᠢᠷ ᠤᠳ ᠨᠢᠭᠡ ᠭᠠᠷᠠᠭ ᠤᠨ ᠳᠣᠲᠣᠷ᠎ᠠ ᠬᠠᠮᠢᠶ᠎ᠠ ᠪᠦᠬᠦᠢ ᠭᠡᠷᠡᠴᠢ ᠦᠨᠡᠮᠯᠡᠯ ᠤᠨ ᠭᠠᠷᠳᠠᠮ ᠭᠦᠢᠴᠡᠳᠬᠡᠬᠦ ᠪᠤᠶᠤ | ᠳᠠᠩᠰᠠᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠂ ᠪᠤᠰᠤᠳ ᠤᠷᠢᠳᠠᠴᠢ ᠨᠥᠬᠦᠴᠡᠯ ᠪᠠᠶᠢᠷᠢᠯᠠᠭᠤᠯᠬᠤ ᠦᠭᠡᠶ᠃ | ᠨᠥᠬᠦᠴᠡᠯ ᠳᠤ ᠨᠡᠶᠢᠴᠡᠬᠦ ᠦᠭᠡᠶ ᠪᠣᠯ ᠭᠤᠶᠤᠴᠢᠯᠠᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠶᠠᠨ ᠤ ᠠᠷᠠᠳ ᠤᠨ ᠪᠠᠭᠤᠳᠠᠯ ᠤᠨ | ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ | ᠰᠢᠶᠠᠨ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ | ᠬᠠᠮᠲᠤ ᠪᠠᠯᠭᠠᠰᠤ ︵ᠰᠢᠶᠠᠩ︶᠂ ᠲᠣᠰᠬᠤᠨ᠂ ᠬᠠᠮᠲᠤᠷᠠᠭᠰᠠᠨ ᠬᠤᠷᠠᠯ ᠤᠨ ᠬᠠᠮᠲᠤᠷᠠᠨ ᠬᠥᠳᠡᠯᠦᠯᠴᠡᠬᠦ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠄ ᠪᠠᠯᠭᠠᠰᠤ ︵ᠰᠢᠶᠠᠩ︶ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠷᠠᠳ ᠤᠨ | ᠪᠠᠭᠤᠳᠠᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠬᠦ᠂ ᠡᠳᠦᠷ ᠲᠤᠲᠤᠮ ᠤᠨ ᠦᠢᠯᠡᠴᠢᠯᠡᠭᠡ ᠵᠢᠴᠢ ᠬᠢᠨᠠᠯᠲᠠ | ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ︔ ᠲᠣᠰᠬᠤᠨ ᠤ ᠱᠠᠲᠤᠨ ᠤ ᠳᠠᠪᠬᠤᠷᠭ᠎ᠠ ᠠᠴᠠ ᠬᠥᠳᠡᠭᠡ ᠲᠣᠰᠬᠤᠨ ᠤ | ᠠᠷᠠᠳ ᠤᠨ ᠪᠠᠭᠤᠳᠠᠯ ᠤᠨ ᠦᠨᠳᠦᠰᠦᠨ ᠡᠵᠡᠩᠨᠡᠯᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠬᠦ | ᠬᠡᠷᠡᠭᠲᠡᠢ︔ ᠬᠠᠮᠲᠤᠷᠠᠭᠰᠠᠨ ᠬᠤᠷᠠᠯ ᠠᠴᠠ ᠬᠠᠮᠢᠶᠠᠷᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠥᠳᠡᠭᠡ | ᠲᠣᠰᠬᠤᠨ ᠤ ᠠᠷᠠᠳ ᠤᠨ ᠪᠠᠭᠤᠳᠠᠯ ᠤᠨ ᠵᠢᠷᠤᠮᠵᠢᠯ ᠲᠠᠢ ᠥᠪᠡᠷ ᠢ ᠪᠠᠨ ᠱᠠᠭᠠᠷᠳᠠᠬᠤ ᠬᠥᠭᠵᠢᠯᠲᠡ ᠶᠢ ᠳᠠᠶᠢᠴᠢᠯᠠᠬᠤ | ᠬᠡᠷᠡᠭᠲᠡᠢ᠃ | ︵ᠬᠤᠶᠠᠷ︶ ᠲᠡᠳᠭᠦᠨ ᠳᠡᠮᠵᠢᠬᠦ ᠲᠥᠷᠥ ᠶᠢᠨ ᠪᠣᠳᠣᠯᠭ᠎ᠠ ᠭᠠᠷᠭᠠᠵᠠᠢ᠃ ᠠᠷᠠᠳ ᠤᠨ ᠪᠠᠭᠤᠳᠠᠯ ᠤᠨ | ᠬᠥᠭᠵᠢᠯᠲᠡ ᠳᠤ ᠬᠤᠯᠪᠣᠭᠳᠠᠬᠤ ᠵᠠᠮ᠂ ᠨᠣᠭᠤᠭᠠᠷᠠᠭᠤᠯᠤᠯᠲᠠ᠂ ᠲᠡᠷᠭᠡᠨ ᠵᠣᠭᠰᠣᠭᠠᠯ᠂ ᠲᠡᠮᠳᠡᠭ ᠫᠠᠶᠢᠰᠠ ᠵᠡᠷᠭᠡ | ᠴᠢᠬᠤᠯᠠ ᠪᠦᠬᠦᠢ ᠵᠢᠭᠤᠯᠴᠢᠯᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠷᠠᠳ ᠤᠨ | ᠪᠠᠭᠤᠳᠠᠯ ᠤᠨ ᠬᠥᠭᠵᠢᠯᠲᠡ ᠶᠢᠨ ᠪᠡᠯᠡ ᠮᠥᠩᠭᠦ ᠶᠢ ᠱᠠᠩᠨᠠᠬᠤ᠂ ᠵᠢᠭᠡᠯᠡᠯᠭᠡ ᠶᠢᠨ ᠳᠠᠮ ᠬᠦᠦ ᠥᠭᠬᠦ ᠵᠡᠷᠭᠡ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠣᠰᠬᠤᠨ ᠤ ᠠᠷᠠᠳ᠂ ᠨᠡᠶᠢᠭᠡᠮ ᠤᠨ ᠬᠥᠷᠥᠩᠭᠡ ᠶᠢ ᠭᠦᠢᠴᠡᠳ | ᠳᠠᠶᠢᠴᠢᠯᠠᠵᠤ ᠠᠷᠠᠳ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠣᠷᠣᠯᠴᠠᠭᠤᠯᠤᠨ᠎ᠠ︔ | ᠭᠠᠵᠠᠷ ᠣᠷᠣᠨ ᠤ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢ ᠠᠬᠢᠭᠤᠯᠵᠤ᠂ ᠦᠢᠯᠡᠴᠢᠯᠡᠭᠡ ᠬᠤᠳᠠᠯᠳᠤᠨ | ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠬᠦᠮᠵᠢ ᠦᠵᠡᠭᠦᠯᠦᠨ᠎ᠡ᠃ | ︵ᠭᠤᠷᠪᠠ︶ ᠠᠵᠢᠯ ᠲᠥᠷᠥᠯ ᠤᠨ ᠵᠢᠷᠤᠮᠵᠢᠯ ᠢ ᠲᠣᠳᠣᠷᠬᠠᠶᠢᠯᠠᠵᠤ᠃ ᠬᠥᠳᠡᠭᠡ ᠲᠣᠰᠬᠤᠨ ᠤ ᠠᠷᠠᠳ ᠤᠨ | ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ | ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠥᠳᠡᠭᠡ ᠲᠣᠰᠬᠤᠨ ᠤ ᠠᠷᠠᠳ ᠤᠨ | ᠪᠠᠭᠤᠳᠠᠯ ᠤᠨ ᠬᠠᠮᠲᠤᠷᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠷᠠᠳ ᠤᠨ | ᠪᠠᠭᠤᠳᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠪᠠᠭᠤᠳᠠᠯ ᠤᠨ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠬᠥᠭᠵᠢᠯᠲᠡ ᠶᠢ ᠠᠬᠢᠭᠤᠯᠤᠨ᠎ᠠ᠃ | ︵ᠲᠦᠷᠪᠡ︶ ᠠᠷᠠᠳ ᠤᠨ ᠪᠠᠭᠤᠳᠠᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠠᠵᠢᠯ ᠲᠦᠷᠦᠯ ᠤᠨ | ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ᠂ ᠲᠥᠯᠥᠪᠵᠢᠭᠦᠯᠭᠡ ᠵᠢᠷᠤᠭ ᠲᠥᠯᠥᠪᠯᠡᠭᠡ᠂ | ᠡᠵᠡᠩᠨᠡᠯᠲᠡ ᠶᠢᠨ ᠦᠢᠯᠡᠴᠢᠯᠡᠭᠡ ᠵᠡᠷᠭᠡ ᠠᠷᠠᠳ ᠤᠨ ᠪᠠᠭᠤᠳᠠᠯ ᠤᠨ ᠠᠵᠢᠯ ᠲᠦᠷᠦᠯ ᠤᠨ ᠴᠢᠳᠠᠪᠤᠷᠢᠲᠠᠨ ᠢ | ᠪᠤᠶᠢᠵᠢᠭᠤᠯᠤᠨ ᠪᠦᠳᠦᠭᠡᠨ ᠪᠠᠶᠢᠭᠤᠯᠬᠤ ᠶᠢ ᠴᠢᠩᠭᠠᠳᠬᠠᠵᠤ᠂ ︽ᠬᠠᠮᠢᠶᠠᠷᠤᠭᠴᠢ︾᠂ ︽ᠳᠡᠯᠭᠡᠭᠦᠷ ᠤᠨ ᠳᠠᠷᠤᠭ᠎ᠠ︾ | ᠶᠢᠨ ᠲᠤᠰᠬᠠᠢ ᠴᠢᠳᠠᠪᠤᠷᠢᠲᠠᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠰᠬᠠᠢ ᠮᠡᠷᠭᠡᠵᠢᠯ᠂ ᠪᠣᠳᠠᠲᠠᠢ | ᠠᠵᠢᠯᠯᠠᠬᠤ᠂ ᠥᠨᠳᠥᠷ ᠪᠦᠲᠦᠮᠵᠢᠲᠡᠢ ᠠᠷᠠᠳ ᠤᠨ ᠪᠠᠭᠤᠳᠠᠯ ᠤᠨ ᠠᠵᠢᠯ ᠲᠦᠷᠦᠯ ᠤᠨ ᠴᠢᠳᠠᠪᠤᠷᠢᠲᠠᠨ ᠤ ᠡᠩᠨᠡᠭᠡ ᠶᠢ | ᠬᠥᠮᠦᠵᠢᠭᠦᠯᠦᠨ᠎ᠡ᠃ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠬᠥᠳᠡᠭᠡ | ᠲᠣᠰᠬᠤᠨ ᠤ ᠵᠠᠯᠠᠭᠤᠴᠤᠳ ᠤᠨ ᠨᠤᠲᠤᠭ ᠲᠠᠭᠠᠨ ᠪᠤᠴᠠᠵᠤ ᠠᠵᠢᠯ ᠣᠯᠬᠤ ᠶᠢ ᠲᠡᠳᠡᠨ ᠠᠪᠴᠢᠷᠠᠵᠤ᠂ ᠨᠢᠭᠡ ᠪᠦᠯᠦᠭ | ᠠᠷᠠᠳ ᠤᠨ ᠪᠠᠭᠤᠳᠠᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠬᠤ ᠰᠢᠨ᠎ᠡ ᠮᠠᠶ᠋ᠢᠭ ᠤᠨ | ᠲᠠᠷᠢᠶᠠᠴᠢᠳ ᠢ ᠬᠥᠮᠦᠵᠢᠭᠦᠯᠵᠦ᠂ ᠠᠷᠠᠳ ᠤᠨ ᠪᠠᠭᠤᠳᠠᠯ ᠤᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠬᠦ ᠶᠢ | ᠠᠬᠢᠭᠤᠯᠤᠨ᠎ᠠ᠃ | ︵ᠲᠠᠪᠤ︶ ᠤᠬᠠᠬᠤᠯᠭᠠ ᠪᠤᠷᠤᠯᠠᠬᠤᠯᠭᠠ ᠶᠢ ᠴᠢᠩᠬᠠᠳᠬᠠᠬᠤ᠃ ᠵᠠᠭᠤᠴᠢᠯᠠᠭᠤᠷ᠂ ᠰᠦᠯᠵᠢᠶ᠎ᠡ᠂ ᠭᠤᠷᠪᠠᠳᠠᠬᠢ | ᠡᠲᠡᠭᠡᠳ ᠤᠨ ᠲᠠᠪᠴᠠᠩ ᠵᠡᠷᠭᠡ ᠣᠯᠠᠨ ᠵᠦᠢᠯ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠶᠡᠷᠦᠩᠬᠡᠶᠢᠯᠡᠨ | ᠠᠰᠢᠭᠯᠠᠵᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠵᠢᠭᠤᠯᠴᠢᠯᠠᠯ ᠤᠨ ᠦᠢᠯᠡᠳᠬᠦᠨ ᠵᠢᠴᠢ ᠵᠠᠮ | ᠱᠤᠭᠤᠮ ᠢ ᠳᠡᠯᠭᠡᠷᠡᠭᠦᠯᠵᠦ᠂ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠨᠠᠷᠠᠲᠤ ᠲᠡᠮᠳᠡᠭᠲᠦ ᠶᠢ | ᠪᠤᠶᠢᠵᠢᠭᠤᠯᠤᠨ᠂ ᠨᠢᠭᠡ ᠪᠦᠯᠦᠭ ᠰᠣᠳᠣᠨ ᠠᠷᠠᠳ ᠤᠨ ᠪᠠᠭᠤᠳᠠᠯ ᠢ ᠪᠣᠶ ᠪᠣᠯᠭᠠᠬᠤ ᠪᠠ ᠳᠡᠯᠭᠡᠷᠡᠭᠦᠯᠦᠨ᠎ᠡ᠃ | ᠠᠷᠠᠳ ᠤᠨ ᠪᠠᠭᠤᠳᠠᠯ ᠢ ᠪᠣᠷᠣᠯᠠᠭᠤᠯᠬᠤ ᠠᠷᠭ᠎ᠠ ᠵᠠᠮ ᠢ ᠣᠯᠠᠨ ᠳᠡᠰ ᠳᠠᠪᠬᠤᠷᠭ᠎ᠠ ᠪᠠᠷ ᠥᠷᠭᠡᠳᠬᠡᠵᠦ᠂ ᠠᠷᠠᠳ ᠤᠨ | ᠪᠠᠭᠤᠳᠠᠯ ᠢ ᠲᠦᠷᠢᠶᠡᠰᠦᠯᠡᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠤᠨ | ᠰᠣᠶᠣᠯ ᠤᠨ ᠨᠠᠶᠢᠷ ᠢ ᠡᠷᠬᠢᠯᠡᠬᠦ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠦᠵᠡᠰᠬᠦᠯᠡᠩ ᠳᠤ ᠢᠳᠡᠪᠬᠢᠲᠡᠢ | ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠪᠠᠭᠤᠳᠠᠯ ᠤᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠵᠤ᠂ ᠰᠢᠩ ᠾᠧ ᠬᠥᠳᠡᠭᠡ ᠲᠣᠰᠬᠤᠨ ᠤ ᠠᠷᠠᠳ ᠤᠨ ᠪᠠᠭᠤᠳᠠᠯ ᠤᠨ ᠠᠯᠳᠠᠷᠰᠢᠯ ᠢ ᠳᠡᠭᠡᠭᠰᠢᠯᠡᠭᠦᠯᠦᠨ᠎ᠡ | ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |