︽ᠰᠢᠩ ᠾᠧ ᠰᠢᠶᠠᠨ ᠤ ᠠᠷᠠᠳ ᠤᠨ ᠪᠠᠭᠤᠳᠠᠯ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/4
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄    ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠰᠢᠩ ᠾᠧ ᠰᠢᠶᠠᠨ ᠤ ᠠᠷᠠᠳ ᠪᠠᠭᠤᠳᠠᠯ ᠤᠨ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠶ᠃    ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ    2024 ᠣᠨ ᠤ 7 ᠰᠠᠷ᠎ᠠ ᠶᠢᠨ 4 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ᠰᠢᠩ ᠾᠧ ᠰᠢᠶᠠᠨ ᠤ ᠠᠷᠠᠳ ᠤᠨ ᠪᠠᠭᠤᠳᠠᠯ ᠤᠨ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶    ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠦᠢᠯ᠂ ᠮᠠᠨ ᠤ ᠰᠢᠶᠠᠨ ᠤ ᠠᠷᠠᠳ ᠤᠨ  ᠪᠠᠭᠤᠳᠠᠯ ᠤᠨ ᠠᠵᠤ ᠦᠢᠯᠡᠰ ᠤᠨ ᠦᠷᠭᠦᠯᠵᠢᠯᠡᠨ ᠲᠦᠷᠭᠡᠨ ᠬᠥᠭᠵᠢᠬᠦ ᠶᠢ ᠳᠡᠮᠵᠢᠵᠦ᠂ ᠠᠷᠠᠳ ᠤᠨ  ᠪᠠᠭᠤᠳᠠᠯ ᠤᠨ ᠠᠵᠤ ᠦᠢᠯᠡᠰ ᠢ ᠪᠥᠬᠦ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠬᠤᠯᠠ ᠲᠤᠯᠭᠠᠭᠤᠷᠢᠯᠠᠯ ᠪᠣᠯᠭᠠᠵᠤ᠂ ᠪᠥᠬᠦ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ᠂ ᠰᠢᠩ ᠾᠧ ᠰᠢᠶᠠᠨ ᠤ ᠠᠷᠠᠳ ᠤᠨ  ᠪᠠᠭᠤᠳᠠᠯ ᠤᠨ ᠱᠠᠩᠨᠠᠯ ᠤᠨ ᠪᠡᠯᠡ ᠮᠥᠩᠭᠦ ᠶᠢᠨ ᠢᠷᠡᠯᠲᠡ ᠨᠢ ᠠᠵᠤ ᠠᠬᠤᠶᠢᠯᠠᠯ ᠤᠨ ᠠᠷᠠᠳ ᠤᠨ  ᠪᠠᠭᠤᠳᠠᠯ ᠤᠨ ᠬᠥᠭᠵᠢᠯᠲᠡ ᠶᠢ ᠳᠡᠮᠵᠢᠬᠦ ᠪᠡᠯᠡ ᠮᠥᠩᠭᠦ᠂ ᠡᠳ᠋ ᠤᠨ ᠵᠠᠰᠠᠭ ᠤᠨ ᠪᠡᠯᠡ ᠮᠥᠩᠭᠦ ᠪᠤᠶᠤ ᠪᠡᠭᠡᠵᠢᠩ ᠥᠪᠥᠷ ᠮᠣᠩᠭᠤᠯ ᠤᠨ ᠪᠡᠯᠡ ᠮᠥᠩᠭᠦ ᠶᠢ ᠠᠷᠠᠳ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠲᠤᠰᠬᠠᠶ ᠬᠡᠷᠡᠭᠯᠡᠨ᠎ᠡ᠃    ᠭᠤᠷᠪᠠᠳᠤᠭᠠᠷ ᠵᠦᠢᠯ᠂ ᠠᠷᠠᠳ ᠤᠨ  ᠪᠠᠭᠤᠳᠠᠯ ᠤᠨ ᠱᠠᠩᠨᠠᠯ ᠤᠨ ᠪᠡᠯᠡ ᠮᠥᠩᠭᠦ ᠶᠢ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤ ᠪᠠᠷ ᠬᠠᠮᠢᠶᠠᠷᠴᠤ᠂ ᠬᠡᠷᠡᠭᠯᠡᠯᠲᠡ ᠬᠠᠮᠢᠶᠠᠷᠤᠯᠲᠠ ᠳᠤ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠭᠤᠣᠯᠯᠠᠭᠤᠯᠬᠤ᠂ ᠢᠯᠡ ᠲᠣᠳᠣ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠵᠢᠷᠤᠮᠯᠠᠨ᠎ᠠ᠃    ᠬᠤᠶᠠᠳᠤᠭᠠᠷ ᠪᠦᠯᠦᠭ   ᠱᠠᠩᠨᠠᠬᠤ ᠨᠥᠬᠦᠴᠡᠯ᠂ ᠠᠭᠤᠯᠭ᠎ᠠ ᠬᠢᠭᠡᠳ ᠪᠠᠷᠢᠮᠵᠢᠶ᠎ᠠ    ᠳᠥᠷᠪᠡᠳᠦᠭᠡᠷ ᠵᠦᠢᠯ᠂ ᠱᠠᠩᠨᠠᠬᠤ ᠡᠲᠡᠭᠡᠳ᠄ ᠰᠢᠩ ᠾᠧ ᠰᠢᠶᠠᠨ ᠳᠤ ᠦᠢᠯᠡᠳᠪᠦᠷᠢ ᠬᠤᠳᠠᠯᠳᠤᠭ᠎ᠠ ᠵᠢᠴᠢ ᠭᠠᠶᠢᠯᠢ ᠶᠢᠨ ᠶᠠᠪᠤᠳᠠᠯ ᠢ ᠳᠠᠩᠰᠠᠯᠠᠬᠤ᠂ ᠲᠡᠮᠳᠡᠭᠯᠡᠬᠦ᠂ ᠭᠠᠶᠢᠯᠢ ᠲᠤᠰᠢᠶᠠᠬᠤ ᠪᠥᠭᠡᠳ ᠵᠢᠭᠤᠯᠴᠢᠯᠠᠯ ᠤᠨ ᠠᠷᠠᠳ ᠤᠨ ᠪᠠᠭᠤᠳᠠᠯ ᠤᠨ ᠲᠥᠷᠥᠯ ᠵᠦᠢᠯ ᠢ ᠬᠠᠤᠯᠢ ᠶᠣᠰᠣᠭᠠᠷ ᠡᠵᠡᠩᠨᠡᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠵᠡᠷᠭᠡ ᠶᠢ ᠭᠦᠢᠴᠡᠳᠬᠡᠬᠦ ᠶᠢᠨ ᠬᠠᠮᠲᠤ ᠳᠣᠤᠷᠠᠬᠢ ᠨᠥᠬᠦᠴᠡᠯ ᠳᠤ ᠨᠡᠶᠢᠴᠡᠭᠦᠯᠳᠡᠭ᠄    ︵ᠨᠢᠭᠡ︶ ᠰᠢᠨ᠎ᠡ ᠪᠠᠷ ᠪᠠᠶᠢᠭᠤᠯᠤᠭᠰᠠᠨ ᠠᠷᠠᠳ ᠤᠨ  ᠪᠠᠭᠤᠳᠠᠯ ᠤᠨ ᠲᠥᠷᠥᠯ ᠵᠦᠢᠯ᠃    ︵ᠬᠤᠶᠠᠷ︶ ᠠᠷᠠᠳ ᠤᠨ ᠪᠠᠭᠤᠳᠠᠯ ᠤᠨ ᠵᠢᠷᠤᠭ ᠲᠥᠯᠥᠪᠯᠡᠭᠡ ᠶᠢᠨ ᠲᠥᠰᠦᠯ ᠢ ᠰᠢᠶᠠᠨ ᠤ ᠠᠷᠠᠳ ᠤᠨ  ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠢᠶᠠᠷ ᠬᠢᠨᠠᠨ ᠵᠥᠪᠰᠢᠶᠡᠷᠡᠭᠦᠯᠦᠨ᠎ᠡ︔    ︵ᠭᠤᠷᠪᠠ︶ ᠠᠵᠢᠯ ᠡᠬᠢᠯᠡᠭᠦᠯᠦᠨ ᠡᠵᠡᠩᠨᠡᠵᠦ ᠪᠦᠬᠦᠯᠢ ᠬᠠᠭᠠᠰ ᠵᠢᠯ ᠪᠣᠯᠤᠭᠰᠠᠨ ᠪᠥᠭᠡᠳ ᠣᠷᠣᠯᠭ᠎ᠠ ᠨᠢ ᠨᠡᠮᠡᠭᠳᠡᠭᠰᠡᠨ ᠪᠠᠶᠢᠨ᠎ᠠ᠃    ᠲᠠᠪᠤᠳᠤᠭᠠᠷ ᠵᠦᠢᠯ   ᠱᠠᠩᠨᠠᠬᠤ ᠠᠭᠤᠯᠭ᠎ᠠ ᠬᠢᠭᠡᠳ ᠪᠠᠷᠢᠮᠵᠢᠶ᠎ᠠ᠄    ︵ᠨᠢᠭᠡ︶ ᠰᠢᠨ᠎ᠡ ᠪᠠᠷ ᠪᠠᠶᠢᠭᠤᠯᠤᠭᠰᠠᠨ ᠠᠷᠠᠳ ᠤᠨ ᠪᠠᠭᠤᠳᠠᠯ ᠤᠨ᠄ ᠭᠤᠣᠯ ᠰᠡᠳᠦᠪᠵᠢᠬᠦ᠂ ᠣᠨᠴᠠᠯᠢᠬᠵᠢᠭᠤᠯᠬᠤ᠂ ᠴᠢᠨᠠᠷᠵᠢᠭᠤᠯᠬᠤ ᠵᠡᠷᠭᠡ ᠲᠠᠯ᠎ᠠ ᠪᠠᠷ︔    ︽ᠵᠢᠭᠤᠯᠴᠢᠯᠠᠯ ᠤᠨ ᠠᠷᠠᠳ ᠤᠨ ᠪᠠᠭᠤᠳᠠᠯ ᠤᠨ ᠦᠨᠳᠦᠰᠦᠨ ᠱᠠᠭᠠᠷᠳᠠᠯᠭ᠎ᠠ ᠬᠢᠭᠡᠳ ᠵᠡᠷᠭᠡ ᠳᠡᠰ ᠤᠨ ᠬᠤᠪᠢᠶᠠᠷᠢᠯᠠᠯ︾ ︵GB/T41648-2022︶ ᠶᠣᠰᠣᠭᠠᠷ ᠰᠢᠨ᠎ᠡ ᠪᠠᠷ ᠪᠠᠶᠢᠭᠤᠯᠤᠭᠰᠠᠨ ᠠᠷᠠᠳ ᠤᠨ ᠪᠠᠭᠤᠳᠠᠯ ᠤᠨ ᠲᠥᠷᠥᠯ ᠵᠦᠢᠯ ᠳᠤ ᠶᠡᠷᠦᠩᠬᠡᠶᠢᠯᠡᠭᠰᠡᠨ ᠬᠢᠨᠠᠨ ᠰᠢᠯᠭᠠᠯᠲᠠ ᠬᠢᠬᠦ ᠶᠢᠨ ᠬᠠᠮᠲᠤ ᠵᠡᠷᠭᠡ ᠳᠡᠰ ᠢ ᠨᠢ ᠦᠨᠡᠯᠡᠨ ᠲᠣᠭᠲᠠᠭᠠᠵᠤ᠂ ᠳᠡᠭᠡᠷ᠎ᠡ ᠠᠴᠠ ᠳᠣᠣᠷ᠎ᠠ ᠬᠦᠷᠲᠡᠯ᠎ᠡ ᠲᠤᠰ ᠲᠤᠰ ᠬᠥᠬᠡ ᠳᠡᠰ᠂ ᠬᠥᠬᠡᠭᠴᠢᠨ ᠳᠡᠰ᠂ ᠤᠯᠠᠭᠠᠨ ᠳᠡᠰ ᠭᠡᠵᠦ ᠬᠤᠪᠢᠶᠠᠨ᠎ᠠ᠃ ᠡᠨᠡ ᠬᠦ ᠰᠠᠭᠤᠷᠢᠨ ᠳᠡᠭᠡᠷ᠎ᠡ᠂ ᠠᠷᠠᠳ ᠤᠨ ᠪᠠᠭᠤᠳᠠᠯ ᠤᠨ ᠲᠥᠷᠥᠯ ᠵᠦᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠶᠢᠨ ᠶᠣᠰᠣᠭᠠᠷ ᠱᠠᠩᠨᠠᠯ ᠣᠯᠭᠤᠵᠤ᠂ ᠬᠥᠬᠡ ᠲᠠᠰ ᠤᠨ ᠠᠷᠠᠳ ᠤᠨ ᠪᠠᠭᠤᠳᠠᠯ ᠤᠨ ᠲᠡᠭᠰᠢ ᠳᠥᠷᠪᠡᠯᠵᠢᠨ ᠮᠧᠳ᠋ᠷ ᠪᠦᠷᠢ ᠳᠤ 500 ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠣᠯᠭᠤᠨ᠎ᠠ︔ ᠬᠥᠬᠡᠭᠴᠢᠨ ᠲᠠᠰ ᠤᠨ ᠠᠷᠠᠳ ᠤᠨ ᠪᠠᠭᠤᠳᠠᠯ ᠤᠨ ᠲᠡᠭᠰᠢ ᠳᠥᠷᠪᠡᠯᠵᠢᠨ ᠮᠧᠳ᠋ᠷ ᠪᠦᠷᠢ ᠳᠤ 300 ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠣᠯᠭᠤᠨ᠎ᠠ︔ ᠤᠯᠠᠭᠠᠨ ᠲᠠᠰ ᠤᠨ ᠠᠷᠠᠳ ᠤᠨ ᠣᠷᠣᠨ ᠰᠠᠭᠤᠴᠠ ᠶᠢᠨ ᠲᠡᠭᠰᠢ ᠳᠥᠷᠪᠡᠯᠵᠢᠨ ᠮᠧᠲ᠋ᠧᠷ ᠪᠦᠷᠢ ᠳᠤ 200 ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠣᠯᠭᠤᠨ᠎ᠠ᠃ ᠵᠠᠷᠴᠢᠮ ᠳᠡᠭᠡᠷ᠎ᠡ ᠪᠠᠨ ᠳᠠᠩ ᠭᠠᠭᠴᠠ ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢᠨ ᠲᠣᠰ ᠵᠦᠢᠯ ᠤᠨ ᠱᠠᠩᠨᠠᠯ ᠤᠨ ᠶᠡᠷᠦᠩᠬᠡᠶ ᠲᠤᠭ᠎ᠠ ᠶᠢ 20 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃    ᠮᠡᠳᠡᠭᠦᠯᠬᠦ ᠭᠤᠤᠯ ᠴᠣᠭᠴᠠ ᠨᠢ ᠠᠷᠠᠳ ᠤᠨ ᠪᠠᠭᠤᠳᠠᠯ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ᠂ ᠠᠷᠠᠳ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ᠂ ᠪᠠᠷᠢᠯᠭ᠎ᠠ ᠶᠢᠨ ᠲᠠᠯᠠᠪᠠᠶ ᠶᠢᠨ ᠨᠠᠷᠢᠨ ᠬᠦᠰᠦᠨᠦᠭᠲᠦ ᠵᠢᠴᠢ ᠠᠷᠠᠳ ᠤᠨ ᠪᠠᠭᠤᠳᠠᠯ ᠤᠨ ᠲᠥᠷᠥᠯ ᠵᠦᠢᠯ ᠤᠨ ᠪᠣᠳᠠᠲᠤ ᠦᠵᠡᠮᠵᠢ ᠶᠢᠨ ᠵᠢᠷᠤᠭ ᠵᠡᠷᠭᠡ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃    ︵ᠬᠤᠶᠠᠷ︶ ᠠᠷᠠᠳ ᠤᠨ ᠪᠠᠭᠤᠳᠠᠯ ᠤᠨ ᠲᠤᠬᠠᠶ ᠶᠢᠨ ᠭᠠᠵᠠᠷ ᠤᠨ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠤᠨ᠎ᠠ᠄ ᠠᠷᠠᠳ ᠤᠨ ᠪᠠᠭᠤᠳᠠᠯ ᠤᠨ ᠶᠣᠰᠣᠭᠠᠷ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠢ ᠳᠠᠶᠢᠴᠢᠯᠠᠨ ᠠᠵᠢᠯ ᠣᠯᠭᠤᠭᠰᠠᠨ ᠬᠥᠮᠦᠨ ᠤ ᠲᠤᠭ᠎ᠠ ᠶᠣᠰᠣᠭᠠᠷ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠢ ᠳᠠᠶᠢᠴᠢᠯᠠᠨ ᠠᠵᠢᠯ ᠣᠯᠭᠤᠵᠤ᠂ ᠨᠢᠭᠡ ᠯᠡ ᠤᠳᠠᠭ᠎ᠠ ᠳᠤ 1000 ᠲᠥᠭᠦᠷᠢᠭ ᠤᠨ ᠱᠠᠩᠨᠠᠯ ᠣᠯᠭᠤᠨ᠎ᠠ︔ ᠲᠤᠬᠠᠶ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠳᠠᠶᠢᠴᠢᠯᠠᠨ ᠠᠵᠢᠯ ᠣᠯᠭᠤᠵᠤ᠂ ᠨᠢᠭᠡ ᠯᠡ ᠤᠳᠠᠭ᠎ᠠ ᠳᠤ 2000 ᠲᠥᠭᠦᠷᠢᠭ ᠤᠨ ᠱᠠᠩᠨᠠᠯ ᠣᠯᠭᠤᠨ᠎ᠠ᠃ ᠵᠠᠷᠴᠢᠮ ᠳᠡᠭᠡᠷ᠎ᠡ ᠪᠠᠨ ᠭᠠᠭᠴᠠ ᠭᠤᠶᠤᠴᠢᠯᠠᠨ ᠮᠡᠳᠡᠭᠦᠯᠦᠭᠰᠡᠨ ᠭᠤᠤᠯ ᠴᠣᠭᠴᠠ ᠶᠢᠨ ᠲᠣᠰ ᠱᠠᠩᠨᠠᠯ ᠤᠨ ᠶᠡᠷᠦᠩᠬᠡᠶ ᠲᠤᠭ᠎ᠠ ᠶᠢ 3 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃    ᠭᠤᠶᠤᠴᠢᠯᠠᠨ ᠮᠡᠳᠡᠭᠦᠯᠬᠦ ᠭᠤᠤᠯ ᠴᠣᠭᠴᠠ ᠨᠢ ᠪᠠᠩᠬᠢ ᠠᠴᠠ ᠭᠠᠷᠭᠠᠭᠰᠠᠨ ᠴᠠᠯᠢᠩ ᠤᠨ ᠴᠤᠪᠤᠷᠠᠯ ᠭᠡᠷᠡᠴᠢ ︵3 ᠰᠠᠷ᠎ᠠ ᠠᠴᠠ ᠳᠤᠲᠠᠭᠤ ᠥᠬᠡᠶ︶᠂ ᠬᠥᠯᠥᠰᠥᠯᠡᠭᠳᠡᠭᠰᠡᠨ ᠲᠣᠰᠬᠤᠨ ᠤ ᠠᠷᠠᠳ ᠪᠤᠶᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠠᠶᠢᠭ᠎ᠠ ᠲᠣᠰᠬᠤᠨ ᠤ ᠠᠷᠠᠳ ᠤᠨ ᠵᠥᠪᠯᠡᠯ ᠤᠨ ᠭᠠᠷᠭᠠᠭᠰᠠᠨ ᠠᠵᠢᠯ ᠣᠯᠭᠤᠯᠲᠠ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃    ᠵᠢᠷᠭᠤᠳᠤᠭᠠᠷ ᠵᠦᠢᠯ   ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠭᠤᠶᠤᠴᠢᠯᠠᠬᠤ ᠭᠤᠤᠯ ᠴᠣᠭᠴᠠ ᠶᠢ ᠱᠠᠩᠨᠠᠬᠤ ᠦᠭᠡᠶ᠃    ︵ᠨᠢᠭᠡ︶ ᠮᠡᠳᠡᠭᠦᠯᠬᠦ ᠭᠤᠤᠯ ᠴᠣᠭᠴᠠ ᠨᠢ ᠭᠤᠶᠤᠴᠢᠯᠠᠨ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠬᠤ︔    ︵ᠬᠤᠶᠠᠷ︶ ᠮᠡᠳᠡᠭᠦᠯᠬᠦ ᠭᠤᠤᠯ ᠴᠣᠭᠴᠠ ᠨᠢ ᠣᠨ ᠤ ᠳᠣᠲᠣᠷ᠎ᠠ ᠡᠳ᠋ ᠤᠨ ᠶᠠᠪᠤᠳᠠᠯ ᠤᠨ ᠬᠢᠨᠠᠨ ᠬᠠᠷᠭᠤᠭᠤᠯᠬᠤ ᠳᠤ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠬᠤ ᠪᠤᠶᠤ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠢᠳᠬᠡᠭᠳᠡᠭᠰᠡᠨ ᠪᠠᠶᠢᠪᠠ︔    ︵ᠭᠤᠷᠪᠠ ︶ ᠮᠡᠳᠡᠭᠦᠯᠬᠦ ᠭᠤᠣᠯ ᠴᠣᠭᠴᠠ ᠶᠢᠨ ᠲᠣᠰ ᠪᠡᠶ᠎ᠡ ᠠᠴᠠ ᠪᠣᠯᠤᠭᠰᠠᠨ ᠦᠢᠯᠡᠴᠢᠯᠡᠭᠡᠨ ᠤ ᠶᠠᠰᠤ ᠴᠢᠨᠠᠷ ᠤᠨ ᠠᠳᠡᠯ ᠠᠴᠠ ᠪᠣᠯᠵᠤ᠂ ᠵᠢᠯ ᠳᠤ 3 ᠤᠳᠠᠭ᠎ᠠ ᠠᠴᠠ ᠳᠡᠭᠡᠭᠰᠢ ᠵᠠᠭᠠᠯᠳᠤᠭᠳᠠᠪᠠ ︵3 ᠤᠳᠠᠭ᠎ᠠ ᠪᠠᠭᠲᠠᠨ᠎ᠠ︶  ᠪᠤᠶᠤ ᠬᠦᠨᠳᠦ ᠶᠡᠭᠡ ᠵᠠᠭᠠᠯᠳᠤᠯᠭ᠎ᠠ ᠶᠢᠨ ᠬᠡᠷᠡᠭ ᠭᠠᠷᠤᠭᠰᠠᠨ︔    ︵ᠲᠦᠷᠪᠡ︶ ᠮᠡᠳᠡᠭᠦᠯᠬᠦ ᠭᠤᠤᠯ ᠴᠣᠭᠴᠠ ᠨᠢ ᠣᠨ ᠤ ᠳᠣᠲᠣᠷ᠎ᠠ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠦᠨᠳᠦ ᠣᠨᠴᠠ ᠶᠡᠭᠡ ᠠᠳᠡᠯ ᠭᠠᠷᠤᠭᠰᠠᠨ ᠪᠠᠶᠢᠬᠤ︔    ︵ᠲᠠᠪᠤ︶ ᠮᠡᠳᠡᠭᠦᠯᠬᠦ ᠭᠤᠤᠯ ᠴᠣᠭᠴᠠ ᠨᠢ ᠣᠨ ᠤ ᠳᠣᠲᠣᠷ᠎ᠠ ᠬᠦᠨᠳᠦ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠭᠠᠷᠤᠭᠰᠠᠨ︔    ︵ᠵᠢᠷᠭᠤᠭ᠎ᠠ︶ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ︔    ︵ᠳᠤᠯᠤᠭ᠎ᠠ︶ ᠪᠤᠰᠤᠳ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠲᠠᠢ ᠪᠣᠯ᠃    ᠭᠤᠷᠪᠠᠳᠤᠭᠠᠷ ᠪᠦᠯᠦᠭ   ᠱᠠᠩᠨᠠᠬᠤ ᠮᠡᠳᠡᠭᠦᠯᠬᠦ ᠬᠢᠭᠡᠳ ᠬᠢᠨᠠᠨ ᠬᠠᠷᠭᠤᠭᠤᠯᠬᠤ ᠳᠡᠰ ᠳᠠᠷᠠᠭᠠᠯᠠᠯ    ᠳᠣᠯᠣᠳᠤᠭᠠᠷ ᠵᠦᠢᠯ  ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠠᠷᠠᠳ ᠤᠨ ᠪᠠᠭᠤᠳᠠᠯ ᠤᠨ ᠱᠠᠩᠨᠠᠯ ᠤᠨ ᠪᠦᠬᠦᠯᠢ ᠴᠣᠭᠴᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃    ᠨᠠᠢᠮᠠᠳᠤᠭᠠᠷ ᠵᠦᠢᠯ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠨᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠦᠯᠬᠦ ᠴᠤᠪᠤᠷᠠᠯ ᠢ ᠲᠣᠭᠲᠠᠭᠠᠵᠤ᠂ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠱᠠᠩᠨᠠᠬᠤ ᠵᠡᠷᠭᠡ ᠠᠵᠢᠯ ᠢ ᠲᠣᠳᠣᠷᠬᠠᠶ ᠪᠣᠯᠭᠠᠨ᠎ᠠ᠃ ᠮᠡᠳᠡᠭᠦᠯᠬᠦ ᠭᠤᠤᠯ ᠴᠣᠭᠴᠠ ᠨᠢ ᠱᠠᠭᠠᠷᠳᠠᠯᠭ᠎ᠠ ᠶᠣᠰᠣᠭᠠᠷ᠂ ᠵᠣᠬᠢᠴᠠᠩᠭᠤᠶ ᠮᠡᠳᠡᠭᠦᠯᠬᠦ ᠮᠠᠲ᠋ᠧᠷᠢᠶᠠᠯ ᠢ ᠬᠠᠩᠭᠠᠨ᠎ᠠ᠃    ᠶᠢᠰᠦᠳᠦᠭᠡᠷ ᠵᠦᠢᠯ  ᠱᠠᠩᠨᠠᠯ ᠢ ᠭᠤᠶᠤᠴᠢᠯᠠᠨ ᠮᠡᠳᠡᠭᠦᠯᠬᠦ ᠳᠤ ᠭᠤᠶᠤᠴᠢᠯᠠᠨ ᠮᠡᠳᠡᠭᠦᠯᠬᠦ᠂ ᠬᠠᠷᠭᠤᠭᠤᠯᠤᠨ ᠰᠢᠯᠭᠠᠬᠤ᠂ ᠪᠡᠯᠡ ᠮᠥᠩᠭᠦ ᠰᠠᠯᠭᠠᠨ ᠥᠭᠬᠦ ᠭᠤᠷᠪᠠᠨ ᠱᠠᠲᠤ  ᠦᠶ᠎ᠡ ᠪᠠᠭᠲᠠᠨ᠎ᠠ᠃    ︵ᠨᠢᠭᠡ︶ ᠭᠤᠶᠤᠴᠢᠯᠠᠨ ᠮᠡᠳᠡᠭᠦᠯᠬᠦ᠄ ᠮᠡᠳᠡᠭᠦᠯᠬᠦ ᠭᠤᠤᠯ ᠴᠣᠭᠴᠠ ︽ᠰᠢᠩ ᠾᠧ ᠰᠢᠶᠠᠨ ᠤ ᠠᠷᠠᠳ ᠤᠨ ᠪᠠᠭᠤᠳᠠᠯ ᠤᠨ ᠱᠠᠩᠨᠠᠯ ᠤᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠮᠡᠳᠡᠭᠦᠯᠦᠯᠲᠡ︾ ᠶᠢ ᠲᠠᠭᠯᠠᠬᠤ ᠶᠢᠨ ᠬᠠᠮᠲᠤ ᠪᠠᠶᠢᠭ᠎ᠠ ᠰᠢᠶᠠᠩ ᠪᠠᠯᠭᠠᠰᠤ ᠪᠠᠷ ᠢᠶᠠᠨ ᠵᠥᠪᠰᠢᠶᠡᠷᠡᠭᠦᠯᠦᠭᠡᠳ ᠲᠠᠮᠠᠭ᠎ᠠ ᠳᠠᠷᠤᠭᠰᠠᠨ ᠤ ᠳᠠᠷᠠᠭ᠎ᠠ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠤ ᠮᠡᠳᠡᠭᠦᠯᠦᠨ᠎ᠡ᠃    ︵ᠬᠤᠶᠠᠷ︶ ᠬᠢᠨᠠᠨ ᠰᠢᠯᠭᠠᠬᠤ᠄ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠰᠢᠯᠭᠠᠨ ᠠᠪᠤᠨ᠎ᠠ᠃    ︵ᠭᠤᠷᠪᠠ︶ ᠪᠡᠯᠡ ᠮᠥᠩᠭᠦ ᠰᠠᠯᠭᠠᠨ ᠥᠭᠬᠦ᠄ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠰᠢᠶᠠᠨ ᠤ ᠠᠷᠠᠳ ᠤᠨ ᠪᠠᠭᠤᠳᠠᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠢᠶᠠᠷ ᠪᠠᠲᠤᠯᠠᠭᠰᠠᠨ ᠤ ᠳᠠᠷᠠᠭ᠎ᠠ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠱᠠᠩᠨᠠᠯ ᠤᠨ ᠪᠡᠯᠡ ᠮᠥᠩᠭᠦ ᠶᠢ ᠠᠷᠠᠳ ᠤᠨ ᠪᠠᠭᠤᠳᠠᠯ ᠤᠨ ᠭᠤᠣᠯ ᠴᠣᠭᠴᠠ ᠳᠤ ᠰᠠᠯᠭᠠᠨ ᠥᠭᠭᠦᠨ᠎ᠡ᠃    ᠳᠥᠷᠪᠡᠳᠦᠭᠡᠷ ᠪᠦᠯᠦᠭ   ᠬᠢᠨᠠᠯᠲᠠ ᠲᠠᠯᠪᠢᠬᠤ ᠪᠠ ᠬᠠᠮᠢᠶᠠᠷᠬᠤ    ᠠᠷᠪᠠᠳᠤᠭᠠᠷ ᠵᠦᠢᠯ  ᠶᠠᠮᠠᠷᠪᠠ ᠨᠢᠭᠡᠴᠡ ᠪᠣᠯᠤᠨ ᠬᠤᠪᠢ ᠬᠥᠮᠦᠨ ᠪᠦᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠳᠤᠮᠳᠠ ᠠᠴᠠ ᠨᠢ ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠱᠠᠩᠨᠠᠯ ᠤᠨ ᠪᠡᠯᠡ ᠮᠥᠩᠭᠦ ᠶᠢ ᠮᠡᠬᠡᠯᠡᠨ ᠠᠪᠤᠭᠰᠠᠨ ᠢᠶᠠᠨ ᠮᠡᠳᠡᠭᠦᠯᠬᠦ ᠭᠤᠤᠯ ᠴᠣᠭᠴᠠ ᠶᠢ ᠪᠠᠶᠢᠴᠠᠭᠠᠨ ᠳᠣᠲᠣᠯᠠᠮᠠᠭᠴᠠ᠂ ᠢᠯᠡ ᠨᠡᠶᠢᠲᠡᠯᠡᠵᠦ᠂ ᠲᠡᠮᠳᠡᠭᠯᠡᠭᠰᠡᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ ᠲᠡᠮᠳᠡᠭᠯᠡᠬᠦ ᠶᠢᠨ ᠬᠠᠮᠲᠤ᠂ ᠨᠢᠭᠡᠨᠲᠡ ᠰᠠᠯᠭᠠᠨ ᠥᠭᠭᠦᠭᠰᠡᠨ ᠱᠠᠩᠨᠠᠯ ᠤᠨ ᠪᠡᠯᠡ ᠮᠥᠩᠭᠦ ᠶᠢ ᠵᠠᠷᠯᠢᠭᠳᠠᠨ ᠪᠤᠴᠠᠭᠠᠯᠭᠠᠨ᠎ᠠ᠃ ᠡᠭᠦᠨ ᠤ ᠬᠠᠮᠲᠤ᠂ ᠬᠤᠶᠢᠰᠢᠳᠠ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠳᠡᠮᠵᠢᠬᠦ ᠵᠦᠢᠯᠡᠰ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠶᠠᠯ᠎ᠠ ᠳᠤ ᠬᠦᠷᠦᠭᠰᠡᠨ ᠠᠴᠠ ᠪᠣᠯᠤᠭᠰᠠᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ  ᠰᠢᠢᠳᠪᠦᠷᠢᠯᠡᠬᠦ ᠬᠡᠷᠡᠭᠲᠡᠶ᠃    ᠠᠷᠪᠠᠨ ᠨᠢᠭᠡᠳᠦᠭᠡᠷ ᠵᠦᠢᠯ  ᠪᠡᠯᠡ ᠮᠥᠩᠭᠦ ᠶᠢᠨ ᠱᠠᠩᠨᠠᠯ ᠣᠯᠬᠤ ᠶᠢ ᠭᠤᠶᠤᠴᠢᠯᠠᠨ ᠮᠡᠳᠡᠭᠦᠯᠬᠦ ᠭᠤᠣᠯ ᠴᠣᠭᠴᠠ ᠨᠢ ᠤᠯᠤᠰ ᠤᠨ ᠬᠠᠮᠢᠶ᠎ᠠ ᠪᠦᠬᠦᠢ ᠨᠢᠭᠲᠠᠯᠠᠨ ᠪᠣᠳᠣᠬᠤ ᠳᠦᠷᠢᠮ ᠤᠨ ᠶᠣᠰᠣᠭᠠᠷ ᠳᠠᠩᠰᠠ ᠡᠪᠬᠡᠮᠡᠯ ᠢ ᠰᠢᠢᠳᠪᠦᠷᠢᠯᠡᠵᠦ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠬᠢᠨᠠᠨ ᠪᠣᠳᠣᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃    ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ    ᠠᠷᠪᠠᠨ ᠬᠤᠶᠠᠳᠤᠭᠠᠷ ᠵᠦᠢᠯ  ᠲᠤᠰ ᠠᠷᠭ᠎ᠠ ᠶᠢ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃    ᠠᠷᠪᠠᠨ ᠭᠤᠷᠪᠠᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3