ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 7 | ᠰᠠᠷ᠎ᠠ ᠶᠢᠨ 2 ᠤᠨ ᠡᠳᠦᠷ᠂ ᠮᠠᠨ ᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ︽2024 ᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠷ᠎ᠡ ᠬᠡᠤᠬᠡᠳ ᠤᠨ ᠶᠡᠭᠡ | ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠰᠠᠶᠢᠨ ᠳᠤᠷ᠎ᠠ ᠶᠢᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ︾ | ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠡᠷᠭᠢᠯᠡᠪᠡ᠃ | ᠠᠵᠢᠯᠯᠠᠭ᠎ᠠ ᠳᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠬᠠᠪᠰᠤᠷᠤᠨ ᠵᠢᠯᠣᠭᠤᠳᠬᠤ ᠪᠠᠭᠰᠢ ᠶᠢ ᠤᠷᠢᠵᠤ ︽ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠰᠢᠨ᠎ᠡ | ᠲᠥᠷᠥ ᠶᠢᠨ ᠪᠣᠳᠣᠯᠭ᠎ᠠ ᠪᠠ ᠰᠢᠨ᠎ᠡ ᠲᠦᠷᠢᠮ︾ ᠢᠶᠠᠷ ᠰᠡᠳᠦᠪ ᠪᠣᠯᠭᠠᠨ ᠬᠢᠴᠢᠶᠡᠯ ᠣᠷᠣᠭᠤᠯᠪᠠ᠃ ᠬᠠᠪᠰᠤᠷᠤᠨ | ᠵᠢᠯᠣᠭᠤᠳᠬᠤ ᠪᠠᠭᠰᠢ ᠲᠤᠬᠠᠶ ᠶᠢᠨ ᠲᠠᠯᠠᠪᠠᠶ ᠳᠤ ᠬᠠᠮᠲᠤ ᠰᠤᠷᠤᠭᠴᠢᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ | ᠂ ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ ᠳᠤ ᠠᠩᠬᠠᠷᠬᠤ ᠵᠦᠶ᠋ᠯ ᠪᠠ ᠲᠤᠰᠬᠠᠶ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠮᠡᠷᠭᠡᠵᠢᠯ ᠰᠣᠩᠭᠤᠬᠤ ᠤᠷ᠎ᠠ ᠮᠡᠷᠭᠡᠵᠢᠯ ᠵᠡᠷᠭᠡ ᠬᠠᠮᠢᠶ᠎ᠠ ᠪᠥᠬᠦᠶ ᠠᠰᠠᠭᠤᠳᠠᠯ ᠢ ᠭᠦᠨᠵᠡᠭᠡᠶ | ᠲᠠᠶᠢᠯᠪᠤᠷᠢᠯᠠᠪᠠ᠃ ᠲᠤᠬᠠᠶ ᠶᠢᠨ ᠲᠠᠯᠠᠪᠤᠷ ᠲᠤ ᠬᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ | ᠡᠷᠡᠮᠡᠯᠵᠡᠯ ᠲᠠᠭᠯᠠᠬᠤ ᠳᠤ ᠲᠣᠬᠢᠶᠠᠯᠳᠤᠵᠤ ᠮᠡᠳᠡᠬᠦ ᠠᠰᠠᠭᠤᠳᠠᠯ ᠳᠤ ᠴᠢᠭᠯᠡᠭᠦᠯᠦᠨ ᠰᠠᠨᠠᠯ ᠪᠠ ᠰᠠᠨᠠᠭᠤᠯᠭ᠎ᠠ ᠬᠠᠩᠭᠠᠵᠤ᠂ | ᠬᠠᠪᠰᠤᠷᠤᠨ ᠵᠢᠯᠣᠭᠤᠳᠬᠤ ᠪᠠᠭᠰᠢ ᠠᠴᠠ ᠤᠬᠤᠷᠢᠬᠤ ︵ᠣᠳᠣ︶ ᠴᠡᠷᠢᠭ ᠤᠨ ᠠᠯᠪᠠᠨ ᠠᠴᠠ ᠪᠠᠭᠤᠭᠰᠠᠳ ᠵᠢᠴᠢ | ᠲᠡᠭᠦᠨ ᠤ ᠦᠷ᠎ᠡ ᠬᠡᠤᠬᠡᠳ ᠨᠢᠭᠡᠪᠦᠷᠢ ᠳᠤ ︽ᠨᠢᠭᠡ ᠳᠤ ᠨᠢᠭᠡ︾ ᠲᠠᠭᠯᠠᠨ ᠮᠡᠳᠡᠭᠦᠯᠬᠦ ᠦᠢᠯᠡᠴᠢᠯᠡᠭᠡ ᠬᠠᠩᠭᠠᠵᠤ᠂ | ᠲᠡᠳᠡᠨ ᠢ ᠬᠦᠰᠡᠯ ᠡᠷᠡᠮᠡᠯᠵᠡᠯ ᠢᠶᠠᠨ ᠵᠦᠶ ᠵᠣᠬᠢᠰᠲᠠᠶ ᠲᠥᠯᠥᠪᠵᠢᠭᠦᠯᠪᠡ᠃ | ᠲᠠᠶᠢᠯᠤᠮᠵᠢ ᠳᠠᠭᠤᠰᠤᠭᠰᠠᠨ ᠤ ᠲᠠᠷᠠᠭ᠎ᠠ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠲᠥᠪ ᠤᠨ ᠠᠵᠢᠯᠲᠠᠳ ︽ᠲᠥᠪᠬᠢᠨᠡᠭᠦᠯᠵᠦ ᠬᠠᠷᠠᠭᠠᠯᠵᠠᠬᠤ᠂ ᠠᠵᠢᠯ ᠣᠯᠵᠤ ᠦᠢᠯᠡᠰ ᠪᠤᠰᠬᠠᠬᠤ ᠵᠢᠴᠢ ᠴᠡᠷᠢᠭ ᠢᠶᠠᠨ | ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ︾ ᠵᠡᠷᠭᠡ ᠲᠦᠷᠦ ᠶᠢᠨ ᠪᠤᠳᠤᠯᠭ᠎ᠠ ᠶᠢᠨ ᠲᠤᠬᠠᠢ ᠨᠠᠷᠢᠨ ᠲᠠᠶᠢᠯᠤᠮᠵᠢ | ᠬᠢᠵᠦ᠂ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠤᠬᠤᠷᠢᠬᠤ ︵ᠣᠲᠣ︶ ᠴᠡᠷᠢᠭ ᠤᠨ ᠠᠯᠪᠠᠨ ᠠᠴᠠ ᠪᠠᠭᠤᠭᠰᠠᠳ ᠵᠢᠴᠢ | ᠲᠡᠭᠦᠨ ᠤ ᠦᠷ᠎ᠡ ᠬᠡᠤᠬᠡᠳ ᠢ ᠬᠤᠶᠠᠷ ᠢ ᠬᠦᠷᠢᠶᠡᠯᠡᠬᠦ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ | ᠨᠠᠩ ᠭᠦᠨᠵᠡᠭᠡᠶ ᠤᠶᠢᠯᠠᠭᠠᠨ ᠡᠵᠡᠮᠰᠢᠵᠦ᠂ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠲᠡᠭᠦᠨ ᠤ | ᠦᠷ᠎ᠡ ᠬᠡᠦᠬᠡᠳ ᠤᠨ ᠬᠠᠶᠢᠷ᠎ᠠ ᠬᠠᠯᠠᠮᠵᠢ ᠶᠢ ᠲᠠᠶᠢᠯᠪᠤᠷᠢᠯᠠᠵᠤ᠂ ᠲᠡᠳᠡᠨ ᠳᠤ ᠤᠶᠢᠯᠡᠴᠢᠯᠡᠭᠡ ᠬᠦᠷᠲᠡᠭᠡᠵᠦ᠂ | ᠬᠦᠨᠳᠦᠳᠬᠡᠯ ᠬᠦᠷᠲᠡᠭᠡᠵᠦ᠂ ᠪᠣᠳᠠᠲᠤ ᠠᠰᠢᠭ ᠬᠦᠷᠲᠡᠭᠡᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |