ᠮᠠᠨ ᠤ ᠰᠢᠶᠠᠨ 2024 ᠣᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠷ᠎ᠡ ᠬᠡᠤᠬᠡᠳ ᠤᠨ ᠶᠡᠭᠡ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2024/7/5
     ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠮᠠᠨ ᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽2024 ᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠷ᠎ᠡ ᠬᠡᠤᠬᠡᠳ ᠤᠨ ᠶᠡᠭᠡ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠰᠠᠶᠢᠨ ᠳᠤᠷ᠎ᠠ ᠶᠢᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ︾ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠡᠷᠭᠢᠯᠡᠪᠡ᠃      ᠠᠵᠢᠯᠯᠠᠭ᠎ᠠ ᠳᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠬᠠᠪᠰᠤᠷᠤᠨ ᠵᠢᠯᠣᠭᠤᠳᠬᠤ ᠪᠠᠭᠰᠢ ᠶᠢ ᠤᠷᠢᠵᠤ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠰᠢᠨ᠎ᠡ ᠲᠥᠷᠥ ᠶᠢᠨ ᠪᠣᠳᠣᠯᠭ᠎ᠠ ᠪᠠ ᠰᠢᠨ᠎ᠡ ᠲᠦᠷᠢᠮ︾ ᠢᠶᠠᠷ ᠰᠡᠳᠦᠪ ᠪᠣᠯᠭᠠᠨ ᠬᠢᠴᠢᠶᠡᠯ ᠣᠷᠣᠭᠤᠯᠪᠠ᠃ ᠬᠠᠪᠰᠤᠷᠤᠨ ᠵᠢᠯᠣᠭᠤᠳᠬᠤ ᠪᠠᠭᠰᠢ ᠲᠤᠬᠠᠶ ᠶᠢᠨ ᠲᠠᠯᠠᠪᠠᠶ ᠳᠤ ᠬᠠᠮᠲᠤ ᠰᠤᠷᠤᠭᠴᠢᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ ᠂ ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ ᠳᠤ ᠠᠩᠬᠠᠷᠬᠤ ᠵᠦᠶ᠋ᠯ ᠪᠠ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠰᠣᠩᠭᠤᠬᠤ ᠤᠷ᠎ᠠ ᠮᠡᠷᠭᠡᠵᠢᠯ ᠵᠡᠷᠭᠡ ᠬᠠᠮᠢᠶ᠎ᠠ ᠪᠥᠬᠦᠶ ᠠᠰᠠᠭᠤᠳᠠᠯ ᠢ ᠭᠦᠨᠵᠡᠭᠡᠶ ᠲᠠᠶᠢᠯᠪᠤᠷᠢᠯᠠᠪᠠ᠃ ᠲᠤᠬᠠᠶ ᠶᠢᠨ ᠲᠠᠯᠠᠪᠤᠷ ᠲᠤ ᠬᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠳᠤ ᠲᠣᠬᠢᠶᠠᠯᠳᠤᠵᠤ ᠮᠡᠳᠡᠬᠦ ᠠᠰᠠᠭᠤᠳᠠᠯ ᠳᠤ ᠴᠢᠭᠯᠡᠭᠦᠯᠦᠨ ᠰᠠᠨᠠᠯ ᠪᠠ ᠰᠠᠨᠠᠭᠤᠯᠭ᠎ᠠ ᠬᠠᠩᠭᠠᠵᠤ᠂ ᠬᠠᠪᠰᠤᠷᠤᠨ ᠵᠢᠯᠣᠭᠤᠳᠬᠤ ᠪᠠᠭᠰᠢ ᠠᠴᠠ ᠤᠬᠤᠷᠢᠬᠤ ︵ᠣᠳᠣ︶ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠲᠡᠭᠦᠨ ᠤ ᠦᠷ᠎ᠡ ᠬᠡᠤᠬᠡᠳ ᠨᠢᠭᠡᠪᠦᠷᠢ ᠳᠤ ︽ᠨᠢᠭᠡ ᠳᠤ ᠨᠢᠭᠡ︾ ᠲᠠᠭᠯᠠᠨ ᠮᠡᠳᠡᠭᠦᠯᠬᠦ ᠦᠢᠯᠡᠴᠢᠯᠡᠭᠡ ᠬᠠᠩᠭᠠᠵᠤ᠂ ᠲᠡᠳᠡᠨ ᠢ ᠬᠦᠰᠡᠯ ᠡᠷᠡᠮᠡᠯᠵᠡᠯ ᠢᠶᠠᠨ ᠵᠦᠶ ᠵᠣᠬᠢᠰᠲᠠᠶ ᠲᠥᠯᠥᠪᠵᠢᠭᠦᠯᠪᠡ᠃      ᠲᠠᠶᠢᠯᠤᠮᠵᠢ ᠳᠠᠭᠤᠰᠤᠭᠰᠠᠨ ᠤ ᠲᠠᠷᠠᠭ᠎ᠠ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯᠲᠠᠳ ︽ᠲᠥᠪᠬᠢᠨᠡᠭᠦᠯᠵᠦ ᠬᠠᠷᠠᠭᠠᠯᠵᠠᠬᠤ᠂ ᠠᠵᠢᠯ ᠣᠯᠵᠤ ᠦᠢᠯᠡᠰ ᠪᠤᠰᠬᠠᠬᠤ ᠵᠢᠴᠢ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ︾ ᠵᠡᠷᠭᠡ ᠲᠦᠷᠦ ᠶᠢᠨ ᠪᠤᠳᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠨᠢ ᠤᠬᠤᠷᠢᠬᠤ ︵ᠣᠲᠣ︶ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠲᠡᠭᠦᠨ ᠤ ᠦᠷ᠎ᠡ ᠬᠡᠤᠬᠡᠳ ᠢ ᠬᠤᠶᠠᠷ ᠢ ᠬᠦᠷᠢᠶᠡᠯᠡᠬᠦ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠶ ᠤᠶᠢᠯᠠᠭᠠᠨ ᠡᠵᠡᠮᠰᠢᠵᠦ᠂ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠲᠡᠭᠦᠨ ᠤ ᠦᠷ᠎ᠡ ᠬᠡᠦᠬᠡᠳ ᠤᠨ ᠬᠠᠶᠢᠷ᠎ᠠ ᠬᠠᠯᠠᠮᠵᠢ ᠶᠢ ᠲᠠᠶᠢᠯᠪᠤᠷᠢᠯᠠᠵᠤ᠂ ᠲᠡᠳᠡᠨ ᠳᠤ ᠤᠶᠢᠯᠡᠴᠢᠯᠡᠭᠡ ᠬᠦᠷᠲᠡᠭᠡᠵᠦ᠂ ᠬᠦᠨᠳᠦᠳᠬᠡᠯ ᠬᠦᠷᠲᠡᠭᠡᠵᠦ᠂ ᠪᠣᠳᠠᠲᠤ ᠠᠰᠢᠭ ᠬᠦᠷᠲᠡᠭᠡᠪᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3