ᠰᠢᠩ ᠾᠧ ᠰᠢᠶᠠᠨ 2024 ᠣᠨ ᠳᠤ ᠥᠪᠥᠷ ᠮᠣᠩᠭᠤᠯ ᠪᠡᠭᠡᠵᠢᠩ ᠱᠠᠨ ᠰᠢ ᠾᠧᠪᠸᠢ ᠳᠥᠷᠪᠡᠨ ᠮᠤᠵᠢ ᠣᠷᠣᠨ ᠬᠤᠲᠠ ᠶᠢᠨ ᠠᠷᠪᠠᠨ ᠬᠤᠲᠠ ᠲᠣᠭᠤᠷᠢᠭ ᠰᠢᠶᠠᠨ ᠬᠤᠰᠢᠭᠤ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠤᠨ ᠤᠷᠢᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/7/5
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠮᠠᠨ ᠤ ᠰᠢᠶᠠᠨ ᠤ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠴᠤᠤᠷᠢᠶᠠᠲᠤᠭᠤᠯᠵᠤ᠂ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠬᠠᠨ ᠮᠦᠸᠧ ᠰᠢᠩ ᠾᠧ ᠸᠧᠨ ᠷᠦᠨ ᠤᠮᠠᠷᠠᠲᠤ ᠬᠢᠯᠢ︾ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠥᠪᠥᠷ ᠮᠣᠩᠭᠤᠯ ᠪᠡᠭᠡᠵᠢᠩ ᠱᠠᠨ ᠰᠢ ᠾᠧᠪᠸᠢ ᠳᠥᠷᠪᠡᠨ ᠮᠤᠵᠢ ᠣᠷᠣᠨ ᠬᠤᠲᠠ ᠶᠢᠨ ᠠᠷᠪᠠᠨ ᠬᠤᠲᠠ ᠲᠣᠭᠤᠷᠢᠭ ᠰᠢᠶᠠᠨ ᠤ ᠤᠷᠠᠨ ᠪᠢᠴᠢᠯᠭᠡ ᠤᠷᠠᠨ ᠵᠢᠷᠤᠭ ᠤᠨ ᠤᠷᠢᠯᠭ᠎ᠠ ᠡᠬᠢᠯᠡᠪᠡ᠃ ᠰᠢᠶᠠᠨ ᠤ ᠤᠳᠤᠷᠢᠳᠤᠯᠭ᠎ᠠ ᠶᠠᠩ ᠯᠢ ᠷᠦᠩ᠂ ᠸᠠᠩ ᠬᠠᠢ ᠵᠢᠶᠦ᠋ᠨ᠂ ᠵᠤᠤ ᠬᠤᠢ ᠵᠢᠤᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠰᠢᠶᠠᠨ ᠤ ᠤᠷᠠᠨ ᠵᠢᠷᠤᠭ ᠤᠨ ᠣᠷᠳᠣᠨ ᠤ ᠦᠵᠡᠰᠬᠦᠯᠡᠩ ᠤᠨ ᠲᠤᠬᠠᠢ ᠶᠢᠨ ᠲᠠᠯᠠᠪᠠᠢ ᠳᠤ᠂ ᠪᠡᠭᠡᠵᠢᠩ᠂ ᠱᠠᠨ ᠰᠢ᠂ ᠡᡁᠧᠪᠸᠢ ᠪᠣᠯᠤᠨ ᠰᠢᠩ ᠡᡁᠧ ᠰᠢᠶᠠᠨ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠠᠴᠠ ᠢᠷᠡᠭᠰᠡᠨ ᠤᠷᠠᠨ ᠪᠢᠴᠢᠯᠭᠡ ᠤᠷᠠᠨ ᠵᠢᠷᠤᠭ ᠤᠨ ᠪᠠᠭ᠋ᠠᠳᠠᠳ ᠨᠢᠭᠡ ᠲᠠᠩᠬᠢᠮ ᠳᠤ ᠴᠤᠭᠯᠠᠷᠠᠵᠤ᠂ ᠡᠯ᠎ᠡ ᠭᠠᠵᠠᠷ ᠣᠷᠣᠨ ᠤ ᠤᠷᠠᠨ ᠪᠢᠴᠢᠯᠭᠡ ᠤᠷᠠᠨ ᠵᠢᠷᠤᠭᠴᠢᠳ ᠤᠨ ᠠᠪᠴᠢᠷᠠᠭᠰᠠᠨ ᠰᠢᠯᠢᠳᠡᠭ ᠪᠦᠲᠦᠭᠡᠯ ᠢ ᠬᠠᠮᠲᠤᠪᠠᠷ ᠲᠣᠭᠤᠷᠢᠨ ᠦᠵᠡᠪᠡ᠃ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠳ ᠨᠢ ᠳᠥᠷᠪᠡᠨ ᠮᠤᠵᠢ ᠣᠷᠣᠨ ᠬᠤᠲᠠ ᠶᠢᠨ ᠲᠡᠦᠬᠡ ᠰᠣᠶᠣᠯ᠂ ᠠᠷᠠᠳ ᠤᠨ ᠵᠠᠩ ᠳᠠᠳᠬᠠᠯ ᠵᠢᠴᠢ ᠦᠵᠡᠰᠬᠦᠯᠡᠩᠲᠦ ᠰᠠᠶᠢᠬᠠᠨ ᠦᠵᠡᠮᠵᠢ ᠶᠢ ᠳᠡᠯᠭᠡᠨ ᠦᠵᠡᠭᠦᠯᠵᠦ᠂ ᠲᠣᠭᠤᠷᠢᠨ ᠦᠵᠡᠭᠴᠢᠳ ᠲᠤ ᠳᠥᠷᠪᠡᠨ ᠮᠤᠵᠢ ᠣᠷᠣᠨ ᠬᠤᠲᠠ ᠶᠢᠨ ᠭᠠᠵᠠᠷ ᠣᠷᠣᠨ ᠲᠠᠢ ᠬᠤᠯᠪᠣᠯᠳᠤᠭᠰᠠᠨ᠂ ᠠᠷᠠᠳ ᠤᠨ ᠵᠠᠩ ᠳᠠᠳᠬᠠᠯ ᠲᠠᠢ ᠣᠶᠢᠷᠠᠯᠴᠠᠭ᠎ᠠ᠂ ᠰᠣᠶᠣᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠭᠰᠠᠨ ᠣᠨᠴᠠᠯᠢᠭ ᠢ ᠭᠦᠨᠵᠡᠭᠡᠶ ᠣᠶᠢᠯᠠᠭᠠᠭᠤᠯᠪᠠ᠃ ᠦᠵᠡᠰᠬᠦᠯᠡᠩ ᠤᠨ ᠪᠦᠲᠦᠭᠡᠯ ᠳᠤ ᠴᠡᠴᠡᠭᠲᠦ ᠰᠢᠪᠠᠭᠤᠨ ᠤ ᠬᠥᠮᠦᠨ ᠤ ᠵᠢᠷᠤᠭ ᠪᠠᠶᠢᠬᠤ ᠪᠠᠷ ᠪᠠᠷᠠᠬᠤ ᠦᠭᠡᠢ ᠪᠠᠰᠠ ᠪᠢᠷ ᠪᠡᠬᠡᠰ ᠲᠠᠢ ᠤᠷᠠᠨ ᠪᠢᠴᠢᠯᠭᠡ ᠶᠢᠨ ᠪᠦᠲᠦᠭᠡᠯ ᠲᠠᠢ᠂ ᠡᠰᠡᠬᠦᠯ᠎ᠡ ᠤᠮᠠᠷᠠᠲᠤ ᠬᠢᠯᠢ ᠶᠢᠨ ᠭᠤᠸ᠎ᠠ ᠰᠠᠶᠢᠬᠠᠨ ᠢ ᠮᠠᠭᠲᠠᠨ ᠰᠠᠶᠢᠰᠢᠶᠠᠵᠤ᠂ ᠤᠮᠠᠷᠠᠲᠤ ᠬᠢᠯᠢ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠡᠰᠡᠬᠦᠯ᠎ᠡ ᠴᠠᠭ ᠦᠶ᠎ᠡ ᠶᠢᠨ ᠬᠡᠪ ᠰᠤᠷᠲᠠᠯ ᠢ ᠮᠠᠭᠲᠠᠨ ᠳᠠᠭᠤᠯᠠᠵᠤ᠂ ᠨᠡᠶᠢᠭᠡᠮ ᠤᠨ ᠡᠶ᠎ᠡ ᠵᠣᠬᠢᠴᠠᠯ ᠢ ᠮᠠᠭᠲᠠᠨ ᠳᠠᠭᠤᠯᠠᠭᠰᠠᠨ ᠪᠠᠶᠢᠨ᠎ᠠ᠃ ᠵᠣᠬᠢᠶᠠᠭᠴᠢ ᠪᠣᠯᠤᠨ ᠲᠣᠭᠤᠷᠢᠨ ᠦᠵᠡᠬᠦ ᠪᠠᠷ ᠢᠷᠡᠭᠰᠡᠨ ᠦᠵᠡᠭᠴᠢᠳ ᠪᠠᠶᠢᠨ ᠪᠠᠶᠢᠨ ᠪᠦᠲᠦᠭᠡᠯ ᠤᠨ ᠡᠮᠦᠨ᠎ᠡ ᠵᠣᠭᠰᠣᠨ ᠲᠣᠭᠤᠷᠢᠨ ᠦᠵᠡᠵᠦ᠂ ᠰᠡᠳᠬᠢᠯ ᠢᠶᠠᠨ ᠰᠣᠯᠢᠯᠴᠠᠵᠤ᠂ ᠥᠪᠡᠷ ᠤᠨ ᠳᠤᠷᠠᠲᠠᠢ ᠪᠦᠲᠦᠭᠡᠯ ᠢᠶᠠᠨ ᠦᠵᠡᠭᠡᠳ ᠲᠡᠰᠬᠡᠯ ᠦᠭᠡᠢ ᠮᠠᠭᠲᠠᠨ ᠰᠠᠶᠢᠰᠢᠶᠠᠵᠤ᠂ ᠭᠠᠷ ᠤᠲᠠᠰᠤ ᠪᠠᠨ ᠭᠠᠷᠭᠠᠵᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
     ᠲᠤᠰ ᠤᠳᠠᠭᠠᠨ ᠤ ᠦᠵᠡᠭᠦᠯᠭᠡ ᠨᠢᠭᠡ ᠰᠠᠷ᠎ᠠ ᠶᠠᠪᠤᠭᠳᠠᠵᠤ᠂ ᠥᠪᠥᠷ ᠮᠣᠩᠭᠤᠯ ᠤᠨ ᠪᠡᠭᠡᠵᠢᠩ ᠱᠠᠨ ᠰᠢ ᠾᠧᠪᠸᠢ ᠳᠥᠷᠪᠡᠨ ᠮᠤᠵᠢ ᠣᠷᠣᠨ ᠬᠤᠲᠠ ᠶᠢᠨ ᠰᠢᠯᠢᠳᠡᠭ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ 100 ᠭᠠᠷᠤᠶ ᠳᠡᠯᠭᠡᠨ ᠦᠵᠡᠭᠦᠯᠪᠡ᠃ ᠡᠳᠡᠭᠡᠷ ᠪᠦᠲᠦᠭᠡᠯ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠷᠠᠨ ᠪᠢᠴᠢᠯᠭᠡ ᠤᠷᠠᠨ ᠵᠢᠷᠤᠭᠴᠢᠳ ᠤᠨ ᠤᠷᠠᠯᠢᠭ ᠤᠨ ᠬᠥᠭᠡᠭᠡᠴᠡᠯᠳᠦᠯ ᠢ ᠢᠯᠡᠷᠡᠭᠦᠯᠵᠦ᠂ ᠨᠠᠮ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠵᠢᠴᠢ ᠰᠠᠶᠢᠨ ᠰᠠᠶᠢᠬᠠᠨ ᠠᠮᠢᠳᠤᠷᠠᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠲᠤᠰ ᠤᠳᠠᠭᠠᠨ ᠤ ᠠᠵᠢᠯᠯᠠᠭ᠎ᠠ ᠨᠢ ᠰᠣᠶᠣᠯ ᠢᠶᠠᠷ ᠵᠤᠭᠠᠴᠠᠯ ᠢ ᠱᠤᠭᠤᠵᠤ᠂ ᠵᠤᠭᠠᠴᠠᠯ ᠢᠶᠠᠷ ᠰᠣᠶᠣᠯ ᠢ ᠢᠯᠡᠷᠡᠭᠦᠯᠵᠦ᠂ ᠰᠣᠶᠣᠯ ᠵᠤᠭᠠᠴᠠᠯ ᠤᠨ ᠡᠬᠢ ᠪᠠᠶᠠᠯᠢᠭ ᠢ ᠤᠬᠠᠭᠤᠯᠤᠨ ᠳᠡᠯᠭᠡᠨ ᠦᠵᠡᠭᠦᠯᠵᠦ᠂ ᠰᠢᠩ ᠾᠧ ᠰᠣᠶᠣᠯ ᠵᠤᠭᠠᠴᠠᠯ ᠤᠨ ᠲᠦᠷᠦᠯ ᠲᠡᠮᠳᠡᠭ ᠢ ᠡᠭᠦᠳᠴᠦ᠂ ᠲᠦᠷᠪᠡᠨ ᠭᠠᠵᠠᠷ ᠤᠨ ᠠᠷᠠᠳ ᠲᠦᠮᠡᠨ ᠤ ᠨᠥᠬᠦᠷᠯᠡᠯ ᠢ ᠨᠢᠭᠲᠠᠷᠠᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3