ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠳᠤᠯᠠᠭᠠᠨ ᠢᠨᠵᠧᠨᠧᠷᠢᠩ ᠢ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠢᠴᠢ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠴᠧᠩ ᠭᠤᠸᠠᠨ ᠪᠠᠯᠭᠠᠰᠤ᠂ ᠵᠠᠩ ᠭᠤᠤ ᠪᠠᠯᠭᠠᠰᠤ ᠪᠣᠯᠤᠨ ᠳ᠋ᠠ ᠲᠦᠩ ᠶᠣᠣ ᠰᠢᠶᠠᠩ ᠵᠡᠷᠭᠡ ᠭᠠᠵᠠᠷ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠢᠴᠢ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠪᠠ᠃      ᠣᠶᠢᠷ᠎ᠠ ᠳᠤ᠂ ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠣ᠂ ᠮᠠᠨ ᠤ ᠰᠢᠶᠠᠨ ᠤ ᠬᠡᠰᠡᠭ ᠰᠢᠶᠠᠩ ᠪᠠᠯᠭᠠᠰᠤ ᠭᠠᠮᠰᠢᠭᠳᠠᠪᠠ᠃ ᠯᠢ ᠺᠠᠶ ᠳ᠋ᠦᠩ ᠨᠡᠷ ᠴᠧᠩ ᠭᠤᠸᠠᠨ ᠪᠠᠯᠭᠠᠰᠤᠨ ᠤ ᠡᠯ ᠲᠠᠢ ᠽᠢ ᠲᠣᠰᠬᠤᠨ᠂ ᠰᠧ ᠮᠧᠶ ᠬᠤᠤ ᠲᠣᠰᠬᠤᠨ ᠵᠢᠴᠢ ᠵᠠᠩ ᠭᠤᠤ ᠪᠠᠯᠭᠠᠰᠤᠨ ᠤ ᠵᠠᠩ ᠭᠤᠤ ᠲᠣᠰᠬᠤᠨ ᠵᠡᠷᠭᠡ ᠭᠠᠵᠠᠷ ᠲᠤ ᠭᠦᠨᠵᠡᠭᠡᠶᠢᠷᠡᠵᠦ᠂ ᠪᠠᠯᠭᠠᠰᠤ᠂ ᠲᠣᠰᠬᠤᠨ ᠤ ᠺᠠᠳ᠋ᠷᠴᠤᠳ ᠲᠠᠢ ᠨᠠᠷᠢᠨ ᠰᠣᠯᠢᠯᠴᠠᠵᠤ᠂ ᠲᠠᠷᠢᠶᠠᠨ ᠭᠠᠵᠠᠷ᠂ ᠮᠠᠯ ᠤᠨᠤᠭ᠎ᠠ᠂ ᠣᠷᠣᠨ ᠰᠠᠭᠤᠴᠠ᠂ ᠵᠠᠮ ᠵᠡᠷᠭᠡ ᠶᠢᠨ ᠭᠠᠮᠰᠢᠭᠳᠠᠭᠰᠠᠨ ᠪᠠᠶᠢᠳᠠᠯ ᠢ ᠭᠦᠨᠵᠡᠭᠡᠶ ᠣᠶᠢᠯᠠᠭᠠᠪᠠ᠃ ᠯᠢ ᠺᠠᠶ ᠳ᠋ᠦᠩ ᠴᠢᠬᠤᠯᠠᠴᠢᠯᠠᠭᠰᠠᠨ ᠨᠢ᠂ ᠭᠠᠮᠰᠢᠭᠳᠠᠭᠰᠠᠨ ᠪᠠᠶᠢᠳᠠᠯ ᠢ ᠪᠦᠷᠢᠳᠬᠡᠬᠦ ᠠᠵᠢᠯ ᠢ ᠬᠢᠨᠠᠮᠠᠭᠠᠶ ᠥᠷᠨᠢᠭᠦᠯᠵᠦ᠂ ᠳᠠᠷᠢᠵᠤ ᠲᠡᠵᠢᠭᠡᠬᠦ ᠳᠠᠭᠠᠳᠬᠠᠯ ᠤᠨ ᠲᠥᠯᠥᠪᠦᠷᠢ ᠥᠭᠬᠦ ᠲᠠᠰ ᠳᠠᠷᠠᠭᠠᠯᠠᠯ ᠢ ᠲᠦᠷᠭᠡᠨ ᠡᠬᠢᠯᠡᠭᠦᠯᠵᠦ᠂ ᠴᠠᠭ ᠲᠤᠬᠠᠶ ᠳᠤᠨᠢ ᠨᠥᠬᠦᠵᠦ ᠳᠠᠷᠢᠬᠤ ᠪᠠ ᠥᠭᠡᠷᠡᠴᠢᠯᠡᠨ ᠳᠠᠷᠢᠬᠤ ᠬᠡᠷᠡᠭᠲᠡᠶ᠃ ᠬᠤᠯᠪᠣᠭᠳᠠᠯ ᠪᠦᠬᠦᠢ ᠭᠠᠮᠰᠢᠭ ᠠᠴᠠ ᠠᠪᠤᠷᠠᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠲᠠᠷᠢᠶᠠᠴᠢᠳ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠲᠠᠷᠢᠵᠤ ᠲᠡᠵᠢᠭᠡᠨ ᠦᠷᠡᠵᠢᠭᠦᠯᠬᠦ ᠡᠷᠦᠭᠡ ᠶᠢᠨ ᠠᠵᠤ ᠦᠢᠯᠡᠰ ᠤᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠬᠤ ᠶᠢ ᠵᠣᠷᠢᠭᠵᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠵᠠᠮ ᠤᠨ ᠰᠠᠭᠠᠳ ᠲᠣᠳᠬᠠᠷ ᠢ ᠠᠷᠢᠯᠭᠠᠬᠤ᠂ ᠤᠰᠤ ᠬᠤᠷᠠᠵᠤ ᠤᠰᠤᠲᠤᠯ ᠢ ᠵᠠᠯᠠᠬᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ ᠵᠡᠷᠭᠡ ᠠᠵᠢᠯ ᠢ ᠰᠠᠶᠢᠲᠤᠷ ᠥᠷᠨᠢᠭᠦᠯᠵᠦ᠂ ᠪᠠᠭᠤᠷᠠᠶ ᠭᠤᠭᠴᠤᠭ᠎ᠠ ᠪᠠ ᠭᠤᠤᠯᠳᠠᠯᠭ᠎ᠠ ᠲᠠᠢ ᠣᠷᠣᠨ ᠪᠠᠶᠢᠷᠢ ᠶᠢᠨ ᠰᠡᠷᠭᠡᠶᠢᠯᠡᠯᠲᠡ ᠶᠢ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ︽ᠳᠤᠯᠠᠭᠠᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠯᠢ ᠺᠠᠢ ᠳ᠋ᠦᠩ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠤᠳᠤᠯᠤᠨ ᠰᠢᠢᠳᠪᠦᠷᠢᠯᠡᠪᠡ ᠃ ᠲᠡᠷᠡ᠂ ︽ᠬᠠᠯᠠᠭᠤᠨ ᠳᠤᠯᠠᠭᠠᠨ ᠢᠨᠵᠧᠨᠧᠷᠢᠩ︾ ᠪᠣᠯ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠪᠠ ᠳᠤᠯᠠᠭᠠᠨ ᠪᠦᠯᠢᠶᠡᠨ ᠡᠪᠦᠯᠵᠢᠬᠦ ᠲᠠᠢ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ︽ᠡᠪᠦᠯ ᠡᠪᠡᠳᠴᠢᠨ ᠢ ᠵᠤᠨ ᠵᠠᠰᠠᠬᠤ︾ ᠪᠦᠲᠦᠮᠵᠢᠲᠡᠶ ᠪᠠᠷᠢᠯᠭ᠎ᠠ ᠪᠠᠷᠢᠬᠤ ᠬᠤᠭᠤᠴᠠᠭ᠎ᠠ ᠶᠢ ᠠᠮᠵᠢᠨ ᠠᠳᠬᠤᠵᠤ᠂ ᠬᠤᠭᠤᠯᠠᠶ ᠶᠢᠨ ᠲᠣᠤᠷ ᠢ ᠥᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠲᠦᠷᠦᠯ ᠵᠦᠢᠯ ᠤᠨ ᠪᠠᠷᠢᠯᠭ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠷᠢᠯᠢᠬᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠥᠭᠡᠷᠡᠴᠢᠯᠡᠯᠲᠡ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠳ᠋ᠠ ᠲᠦᠩ ᠶᠣᠣ ᠰᠢᠶᠠᠩ ᠤᠨ ᠰᠢᠶᠤᠤ ᠶᠣᠣ ᠲᠣᠰᠬᠤᠨ ᠪᠣᠯᠤᠨ ᠵᠠᠩ ᠭᠤᠤ ᠪᠠᠯᠭᠠᠰᠤᠨ ᠤ ᠵᠠᠩ ᠭᠤᠤ ᠲᠣᠰᠬᠤᠨ ᠳᠤ᠂ ᠯᠢ ᠺᠠᠢ ᠳ᠋ᠦᠩ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠯᠠᠨ ᠲᠦᠮᠡᠨ ᠤ ᠭᠡᠷ ᠲᠤ ᠭᠦᠨᠵᠡᠭᠡᠶᠢᠷᠡᠨ ᠲᠤᠨᠤᠭ ᠲᠥᠬᠦᠭᠡᠷᠦᠮᠵᠢ ᠶᠢ ᠤᠭᠰᠠᠷᠠᠵᠤ ᠬᠡᠷᠡᠭᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠠᠬᠢᠭᠤᠯᠬᠤ ᠪᠣᠯ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠢᠵᠢ ᠪᠥᠷᠢᠳᠦᠭᠦᠯᠬᠦ ᠴᠠᠬᠢᠯᠭᠠᠨ ᠤ ᠲᠣᠤᠷ ᠢ ᠥᠭᠡᠷᠡᠴᠢᠯᠡᠨ ᠲᠠᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠴᠢᠳ ᠤᠨ ᠴᠠᠬᠢᠯᠭᠠᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠠᠮᠤᠷ ᠲᠦᠪᠰᠢᠨ ᠲᠣᠭᠲᠠᠭᠤᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠳ᠋ᠠ ᠲᠦᠩ ᠶᠣᠣ ᠰᠢᠶᠠᠩ ᠪᠣᠯᠤᠨ ᠵᠠᠩ ᠭᠤᠤ ᠪᠠᠯᠭᠠᠰᠤᠨ ᠤ ᠵᠣᠯ ᠵᠢᠷᠭᠠᠯ ᠤᠨ ᠬᠦᠷᠢᠶᠡᠯᠡᠩ ᠳᠤ᠂ ᠯᠢ ᠺᠠᠶ ᠳ᠋ᠦᠩ ᠲᠠᠰᠢᠷᠠᠮ ᠢᠶᠠᠷ ᠡᠷᠦᠬᠡ ᠳᠤ ᠣᠷᠣᠵᠤ ᠰᠤᠷᠪᠤᠯᠵᠢᠯᠠᠵᠤ᠂ ᠬᠦᠷᠢᠶ᠎ᠡ ᠬᠠᠰᠢᠶᠠᠨ ᠤ ᠣᠷᠴᠢᠨ ᠲᠣᠭᠤᠷᠢᠨ᠂ ᠬᠡᠷ ᠪᠠᠶᠢᠰᠢᠩ ᠤᠨ ᠣᠳᠣᠬᠢ ᠪᠠᠶᠢᠳᠠᠯ ᠵᠢᠴᠢ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠤᠨ ᠤᠰᠤᠨ ᠵᠣᠷᠯᠣᠩ ᠢ ᠥᠭᠡᠷᠡᠴᠢᠯᠡᠬᠦ᠂ ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠪᠣᠯᠤᠨ ᠨᠠᠰᠤᠵᠢᠬᠤ ᠳᠤ ᠳᠤᠬᠢᠷᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠯ᠎ᠡ ᠴᠢᠳᠠᠮᠵᠢᠳᠤ ᠲᠠᠰᠤᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠭᠤᠯᠠ ᠤᠮᠳᠠ᠂ ᠴᠡᠪᠡᠷᠯᠡᠭᠡ᠂ ᠤᠬᠢᠶᠠᠯᠭ᠎ᠠ᠂ ᠠᠶᠠᠨᠴᠢᠳ ᠢ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ ᠵᠡᠷᠭᠡ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠬᠠᠯᠠᠭᠤᠨ ᠳᠤᠯᠠᠭᠠᠨ᠂ ᠲᠠᠭᠠᠯᠠᠮᠵᠢᠲᠠᠶ᠂ ᠰᠡᠯᠡᠭᠦᠴᠡᠯ᠂ ᠠᠮᠤᠷ ᠲᠦᠪᠰᠢᠨ ᠨᠠᠰᠤᠵᠢᠯ ᠤᠨ ᠠᠰᠠᠷᠠᠮᠵᠢ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠾᠧᠦ ᡁᠢ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3