ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠲᠥᠪᠯᠡᠷᠡᠭᠦᠯᠦᠨ ᠬᠠᠷᠢᠭᠤ ᠲᠤᠰᠬᠠᠬᠤ ᠵᠢᠴᠢ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/9
     7 ᠰᠠᠷ᠎ᠠ ᠶᠢᠨ 8᠎ ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢ ᠲᠥᠪᠯᠡᠷᠡᠭᠦᠯᠦᠨ ᠬᠠᠷᠢᠭᠤ ᠲᠤᠰᠬᠠᠬᠤ ᠵᠢᠴᠢ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠸᠧᠢ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠤᠸᠠᠢ ᠯᠢᠶᠠᠩ ᠬᠤᠷᠠᠯ ᠳᠤ ᠣᠷᠣᠯᠴᠠᠪᠠ᠃      ᠬᠤᠷᠠᠯ ᠠᠴᠠ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ᠂ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠶᠡᠷᠦᠩᠬᠡᠶᠢᠯᠡᠭᠰᠡᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ ᠂ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ᠂ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠢ ᠠᠰᠠᠭᠤᠳᠠᠯ ᠢ ᠮᠡᠳᠡᠭᠳᠡᠵᠦ᠂ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃      ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠯᠠᠪᠳᠠᠭᠤᠨ ᠪᠠᠲᠤᠲᠠᠢ ᠠᠬᠢᠭᠤᠯᠤᠨ ᠬᠡᠷᠡᠭᠵᠢᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯ ᠬᠠᠷᠢᠭᠤᠴᠠᠯᠭᠠᠲᠠᠨ ᠨᠥᠬᠦᠳ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠦᠷᠦᠭᠦᠯᠡᠨ ᠳᠠᠭᠠᠭᠤᠯᠤᠨ ᠰᠢᠢᠳᠪᠦᠷᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠨᠠᠷᠢᠨ ᠬᠢᠨᠠᠮᠠᠭᠠᠢ ᠭᠦᠢᠴᠡᠳᠬᠡᠬᠦ ᠶᠢ ᠱᠠᠯᠠᠪᠳᠠᠭᠤᠯᠬᠤ ᠬᠡᠷᠡᠭᠲᠡᠢ᠃ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠶᠢᠲᠤᠷ ᠠᠳᠬᠤᠵᠤ᠂ ᠱᠠᠭᠠᠷᠳᠠᠯᠭ᠎ᠠ ᠶᠣᠰᠣᠭᠠᠷ ᠨᠠᠮ ᠤᠨ ᠳᠣᠲᠣᠭᠠᠳᠤ ᠳᠤ ᠮᠡᠳᠡᠭᠳᠡᠬᠦ᠂ ᠨᠡᠶᠢᠭᠡᠮ ᠨᠡᠶᠢᠲᠡ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠢᠯᠡ ᠪᠣᠯᠭᠠᠬᠤ ᠶᠢ ᠰᠠᠶᠢᠲᠤᠷ ᠬᠢᠵᠦ᠂ ᠨᠠᠮ ᠤᠨ ᠭᠡᠰᠢᠭᠦᠨ᠂ ᠺᠠᠳ᠋ᠷ ᠪᠣᠯᠤᠨ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ︽ᠣᠳᠣᠬᠠᠨ ᠤ ᠥᠭᠡᠷᠡᠴᠢᠯᠡᠯᠲᠡ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾᠎ ᠶᠢ ᠤᠶᠠᠯᠳᠤᠭᠤᠯᠵᠤ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠡᠯ᠎ᠡ ᠵᠦᠢᠯ ᠤᠨ ᠠᠵᠢᠯ ᠤᠨ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠲᠣᠭᠤᠷᠢᠨ ᠪᠠᠶᠢᠴᠠᠭᠠᠬᠤ ᠠᠵᠢᠯ ᠤᠨ ᠲᠤᠰᠤᠯᠲᠠ ᠪᠣᠯᠭᠠᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠣᠯᠠᠨ ᠲᠦᠮᠡᠨ ᠤ ᠬᠢᠨᠠᠯᠲᠠ ᠲᠠᠯᠪᠢᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3