7 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ | ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠦᠷᠦᠯ ᠵᠦᠢᠯ ᠮᠠᠨ ᠤ ᠰᠢᠶᠠᠨ ᠤ ᠴᠧᠩ ᠭᠤᠸᠠᠨ ᠪᠠᠯᠭᠠᠰᠤ ᠶᠢᠨ | ᠬᠤᠷᠢᠨ ᠭᠤᠷᠪᠠᠳᠤᠭᠠᠷ ᠨᠣᠮᠧᠷ ᠲᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠤᠯᠠᠭᠠᠨᠴᠠᠪ ᠬᠤᠲᠠ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠶᠤᠸᠠᠢ᠂ ᠰᠢᠶᠠᠨ ᠤ ᠤᠳᠤᠷᠢᠳᠤᠯᠭ᠎ᠠ ᠶᠠᠩ ᠵᠧᠨ ᠳ᠋ᠦᠩ᠂ | ᠬᠥᠩ ᠰᠢᠤ ᠯᠦᠩ᠂ ᠾᠧᠦ ᡁᠢ ᠶᠦᠩ ᠠᠵᠢᠯᠯᠠᠭ᠎ᠠ ᠳᠤ ᠣᠷᠣᠯᠴᠠᠵᠤ᠂ ᠲᠦᠩᠯᠢᠶᠣᠤ ᠬᠤᠲᠠ ᠶᠢᠨ ᠣᠷᠣᠨ ᠪᠦᠰᠡ ᠶᠢᠨ | ᠬᠠᠮᠲᠤᠷᠠᠯᠴᠠᠭᠠᠨ ᠤ ᠲᠣᠪᠴᠢᠶ᠎ᠠ᠂ ᠪᠡᠭᠡᠵᠢᠩ ᠤᠨ ᠴᠠᠬᠠᠷ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠵᠡᠷᠭᠡ ᠬᠠᠮᠢᠶ᠎ᠠ | ᠪᠦᠬᠦᠢ ᠤᠳᠤᠷᠢᠳᠤᠯᠭ᠎ᠠ ᠤᠷᠢᠯᠭ᠎ᠠ ᠪᠠᠷ ᠣᠷᠣᠯᠴᠠᠵᠠᠶ᠃ | | | ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠩ ᠶᠤᠸᠠᠢ᠂ ᠬᠥᠩ ᠰᠢᠤ ᠯᠦᠩ ᠲᠣᠰ ᠲᠣᠰ ᠬᠤᠲᠠ᠂ ᠰᠢᠶᠠᠨ ᠢ | ᠲᠥᠯᠥᠭᠡᠯᠡᠨ ᠪᠠᠶᠠᠷ ᠤᠨ ᠦᠭᠡ ᠬᠡᠯᠡᠵᠦ᠂ ᠤᠷᠢᠭᠳᠠᠭᠰᠠᠨ ᠬᠦᠨᠳᠦᠲᠦ ᠵᠣᠴᠢᠨ ᠦᠭᠡ ᠬᠡᠯᠡᠪᠡ᠃ | ᠵᠠᠩ ᠶᠤᠸᠠᠢ ᠪᠠᠶᠠᠷ ᠤᠨ ᠦᠭᠡ ᠳᠡᠭᠡᠨ ᠤᠷᠳᠤ ᠬᠤᠭᠤᠴᠠᠭᠠᠨ ᠤ ᠲᠤᠷᠰᠢ ᠤᠯᠠᠭᠠᠨᠴᠠᠪ ᠬᠤᠳᠠ ᠵᠢᠴᠢ ᠰᠢᠩ ᠡᡁᠧ | ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠠᠵᠤ ᠠᠬᠤᠶᠢᠯᠠᠯ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠣᠳᠠᠲᠠᠢ ᠳᠤ | ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢᠩ ᠮᠦ ᠭᠤᠤ ᠺᠧ | ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠡᠬᠢᠯᠡᠭᠦᠯᠦᠭᠰᠡᠨ ᠨᠢ ᠪᠥᠬᠦ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠳᠤ ᠴᠢᠬᠤᠯᠠ ᠬᠥᠲᠥᠯᠦᠨ ᠳᠠᠭᠠᠭᠤᠯᠬᠤ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠨ ᠬᠢᠨ | ᠬᠤᠶᠢᠰᠢᠳᠠ ᠶᠢᠨ ᠬᠥᠭᠵᠢᠯᠲᠡ ᠶᠢᠨ ᠳᠤᠮᠳᠠ ᠢᠮᠠᠭᠲᠠ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠠᠷᠢᠶᠠᠴᠢᠨ ᠡᠷᠦᠬᠡ ᠯᠦᠭᠡ ᠶᠢᠨ ᠬᠠᠮᠲᠤᠷᠠᠯᠴᠠᠭ᠎ᠠ ᠪᠠᠷ ᠳᠠᠮᠵᠢᠭᠤᠯᠵᠤ᠂ | ᠡᠷᠬᠢᠨ ᠲᠣᠭᠤᠷᠢᠨ ᠤ ᠤᠯᠠᠨ ᠲᠦᠮᠡᠨ ᠢ ᠲᠠᠶᠢᠴᠢᠯᠠᠨ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠶᠢ ᠬᠠᠮᠲᠤᠪᠠᠷ | ᠬᠥᠭᠵᠢᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠬᠦᠰᠡᠵᠦ ᠪᠠᠶᠢᠨ᠎ᠠ ᠭᠡᠪᠡ᠃ | | | ᠬᠥᠩ ᠰᠢᠤ ᠯᠦᠩ ᠪᠠᠶᠠᠷ ᠤᠨ ᠦᠭᠡ ᠳᠡᠭᠡᠨ ᠮᠠᠨ ᠤ ᠰᠢᠶᠠᠨ ᠤ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠲᠡᠵᠢᠭᠡᠯ | ᠡᠪᠡᠰᠦᠨ ᠤ ᠡᠬᠢ ᠪᠠᠶᠠᠯᠢᠭ ᠵᠡᠷᠭᠡ ᠳᠠᠪᠠᠭᠤᠯᠢᠭ ᠢ ᠲᠠᠨᠢᠯᠴᠠᠭᠤᠯᠤᠭᠰᠠᠨ ᠪᠥᠭᠡᠳ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠡᠮᠦᠨ᠎ᠡ ᠠᠴᠠ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠪᠠ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠡᠷᠲᠡᠬᠡᠨ ᠪᠦᠬᠦ ᠲᠠᠯ᠎ᠠ ᠪᠠᠷ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ | ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ | | | ᠲᠣᠰ ᠲᠥᠷᠥᠯ ᠵᠤᠶᠢᠯ ᠪᠣᠯ ᠮᠠᠨ ᠤ ᠰᠢᠶᠠᠨ ᠤ ︽ᠲᠠᠪᠤᠨ ᠶᠡᠭᠡ ᠡᠭᠦᠷᠭᠡ︾ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠥᠪᠥᠷ ᠮᠣᠩᠭᠤᠯ ᠤᠨ ᠰᠢᠩ ᠮᠥ ᠭᠤᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠵᠤ ᠪᠣᠳᠠᠲᠠᠶᠢᠵᠢᠭᠤᠯᠤᠭᠰᠠᠨ ᠴᠢᠬᠤᠯᠠ ᠶᠡᠭᠡ ᠲᠥᠷᠥᠯ ᠵᠤᠶᠢᠯ ᠢ | ᠣᠷᠣᠭᠤᠯᠤᠨ ᠠᠪᠴᠢᠷᠠᠪᠠ᠃ ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠤᠨ ᠲᠦᠷᠦᠯ ᠵᠦᠢᠯ ᠮᠠᠨ ᠤ ᠰᠢᠶᠠᠨ ᠤ ᠪᠠᠶᠢᠭᠠᠯᠢ ᠶᠢᠨ ᠨᠥᠬᠦᠴᠡᠯ ᠪᠣᠯᠤᠨ ᠣᠷᠴᠢᠨ ᠲᠣᠭᠤᠷᠢᠨ ᠤ | ᠳᠠᠪᠠᠭᠤᠯᠢᠭ ᠲᠤ ᠲᠦᠰᠢᠭᠯᠡᠨ᠂ ᠪᠦᠬᠦ ᠤᠯᠤᠰ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ | ᠣᠳᠣᠬᠢᠴᠢᠯᠠᠭᠰᠠᠨ ᠪᠠᠷᠢᠮᠵᠢᠶ᠎ᠠ ᠪᠠᠷ ᠬᠠᠮᠤᠭ ᠤᠨ ᠥᠨᠳᠥᠷ᠂ ᠠᠵᠤ ᠦᠢᠯᠡᠰ ᠤᠨ ᠬᠡᠯᠬᠢᠶ᠎ᠡ ᠬᠠᠮᠤᠭ ᠤᠨ ᠤᠷᠲᠤ᠂ | ᠶᠡᠷᠦᠩᠬᠡᠶᠢᠯᠡᠭᠰᠡᠨ ᠦᠷ᠎ᠡ ᠠᠰᠢᠭ ᠢᠶᠠᠷ ᠬᠠᠮᠤᠭ ᠤᠨ ᠴᠢᠩᠭ᠎ᠠ ᠠᠯᠠᠰᠢᠨ ᠬᠤᠨᠢᠨ ᠤ ᠠᠵᠤ ᠦᠢᠯᠡᠰ ᠤᠨ ᠰᠢᠨ᠎ᠡ | ᠥᠨᠳᠦᠷᠯᠢᠭ ᠢ ᠪᠠᠶᠢᠭᠤᠯᠬᠤ ᠪᠠᠷ ᠴᠢᠷᠮᠠᠶᠢᠨ᠎ᠠ᠃ ᠶᠡᠷᠦᠩᠬᠡᠢ ᠪᠡᠯᠡ ᠣᠷᠣᠭᠤᠯᠤᠯᠲᠠ ᠨᠢ 8 ᠳ᠋ᠦᠩᠰᠢᠭᠤᠷ ᠲᠥᠭᠦᠷᠢᠭ᠂ | ᠲᠥᠯᠥᠪᠵᠢᠭᠦᠯᠭᠡ ᠶᠢ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠲᠥᠯᠥᠪᠵᠢᠭᠦᠯᠪᠡ᠂ 121 ᠲᠦᠮᠡᠨ | ᠲᠡᠭᠰᠢ ᠳᠥᠷᠪᠡᠯᠵᠢᠨ ᠮᠧᠳ᠋ᠷ ᠲᠠᠯᠠᠪᠠᠢ ᠡᠵᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠨ ᠪᠠ ᠲᠡᠵᠢᠭᠡᠨ | ᠦᠷᠡᠵᠢᠭᠦᠯᠬᠦ ᠣᠷᠣᠨ ᠢ ᠪᠠᠭᠲᠠᠭᠠᠨ᠎ᠠ᠃ ᠬᠦᠷᠢᠶᠡᠯᠡᠩ ᠲᠣᠭᠤᠷᠢᠭ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠳᠤ 100 | ᠲᠦᠮᠡᠨ ᠰᠠᠶᠢᠨ ᠡᠭᠦᠯᠳᠡᠷ ᠤᠨ ᠠᠯᠠᠰᠢᠨ ᠬᠤᠨᠢ ᠪᠣᠷᠳᠣᠨ ᠭᠠᠷᠭᠠᠵᠤ᠂ ᠵᠢᠯ ᠳᠤ 1.23 ᠲᠦᠮᠡᠨ ᠲᠣᠨ ᠬᠦᠢᠲᠡᠨ ᠰᠣᠷᠭᠤᠭ | ᠬᠤᠨᠢᠨ ᠮᠢᠬ᠎ᠠ ᠦᠢᠯᠡᠳᠪᠦᠷᠢᠯᠡᠵᠦ᠂ ᠪᠡᠭᠡᠵᠢᠩ ᠲᠢᠶᠠᠨᠵᠢᠨ ᠾᠧᠪᠧᠶ ᠣᠷᠣᠨ ᠤ ᠬᠤᠨᠢᠨ ᠮᠢᠬᠠᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠬᠠᠩᠭᠠᠵᠤ᠂ 3000 ᠬᠥᠮᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠪᠡ᠃ | ᠣᠳᠣᠬᠠᠨ ᠳᠤ᠂ ᠠᠩᠬᠠᠳᠠᠭᠴᠢ ᠥᠨᠳᠥᠷ ᠪᠠᠷᠢᠮᠵᠢᠶᠠᠲᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ | ᠪᠣᠯᠤᠨ ᠪᠣᠷᠳᠣᠵᠤ ᠲᠠᠷᠭᠤᠯᠠᠭᠤᠯᠬᠤ ᠬᠤᠷᠠᠭ᠎ᠠ ᠶᠢ ᠨᠢᠭᠡᠨᠲᠡ ᠪᠠᠶᠢᠭᠤᠯᠵᠤ ᠳᠠᠭᠤᠰᠬᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |