ᠹᠦ᠋ ᠬᠠᠢ ᠶᠠᠨ ᠳ᠋ᠠ ᠺᠦ᠋ ᠯᠢᠶᠠᠨ ᠰᠢᠶᠠᠩ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/9
     7 ᠰᠠᠷ᠎ᠠ ᠶᠢᠨ 5᠎ ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠹᠦ᠋ ᠬᠠᠢ ᠶᠠᠨ ᠳ᠋ᠠ ᠺᠦ᠋ ᠯᠢᠶᠠᠨ ᠰᠢᠶᠠᠩ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠵᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠵᠢᠴᠢ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠹᠦ᠋ ᠬᠠᠢ ᠶᠠᠨ ᠨᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠷᠢᠳ ᠬᠤᠵᠢᠳ ᠪᠢᠶᠠᠨ ᠵᠢᠶᠠ ᠲᠣᠰᠬᠤᠨ ᠤ ᠦ᠋ ᠸᠠᠨ ᠭᠸᠤ ᠤᠰᠤᠨ ᠴᠥᠭᠦᠷᠥᠮ᠂ ᠴᠡᠭ ᠨᠢ ᠲᠠᠢ᠂ ᠶᠠᠩ ᠴᠠᠩ ᠭᠸᠤ ᠲᠣᠰᠬᠤᠨ ᠤ ᠠᠷᠠᠳ ᠤᠨ ᠵᠥᠪᠯᠡᠯ ᠵᠢᠴᠢ ᠤᠰᠤ ᠥᠩᠭᠡᠷᠡᠬᠦ ᠵᠠᠮ ᠤᠨ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠢ ᠲᠣᠭᠲᠠᠭᠠᠬᠤ᠂ ᠭᠤᠣᠯ ᠤᠨ ᠤᠰᠤᠨ ᠴᠥᠭᠦᠷᠥᠮ ᠤᠨ ᠠᠮᠤᠷ ᠲᠦᠪᠰᠢᠨ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠰᠠᠨᠠᠯ ᠢᠶᠠᠨ ᠳᠤᠷᠠᠳᠴᠠᠢ᠃      ᠹᠦ᠋ ᠬᠠᠢ ᠶᠠᠨ ᠵᠢᠭᠠᠵᠤ ᠭᠠᠷᠭᠠᠭᠰᠠᠨ ᠨᠢ᠂ ᠦᠶᠡᠷ ᠤᠨ ᠬᠤᠭᠤᠴᠠᠭᠠᠨ ᠳᠤ ᠣᠷᠣᠬᠤ ᠳᠤ᠂ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠰᠡᠷᠡᠮᠵᠢ ᠪᠠᠨ ᠳᠡᠭᠡᠭᠰᠢᠯᠡᠭᠦᠯᠵᠦ᠂ ᠶᠠᠭᠠᠷᠠᠯᠲᠠᠢ ᠠᠵᠢᠯᠯᠠᠵᠤ᠂ ᠠᠵᠢᠯ ᠢᠶᠠᠨ ᠤᠷᠢᠳᠠᠪᠠᠷ ᠬᠢᠵᠦ᠂ ᠤᠷᠢᠳᠴᠢᠯᠠᠨ ᠬᠢᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠤᠨ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠦᠭᠡᠢ ᠨᠠᠶᠢᠳᠠᠪᠤᠷᠢᠵᠢᠭᠤᠯᠬᠤ ᠬᠡᠷᠡᠭᠲᠡᠢ᠃      ᠹᠦ᠋ ᠬᠠᠢ ᠶᠠᠨ ᠴᠢᠬᠤᠯᠠᠴᠢᠯᠠᠭᠰᠠᠨ ᠨᠢ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠰᠢᠶᠠᠩ ᠤᠨ ᠪᠠᠶᠢᠴᠠᠭᠠᠨ ᠢᠯᠡᠷᠡᠭᠦᠯᠦᠭᠰᠡᠨ 15 ᠦᠶᠡᠷ ᠢ ᠰᠡᠷᠭᠡᠶᠢᠯᠡᠬᠦ ᠠᠶᠤᠯᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ︽ᠨᠢᠭᠡ ᠶᠢ ᠠᠩᠬᠠᠷᠴᠤ ᠨᠢᠭᠡ ᠶᠢ ᠠᠩᠬᠠᠷᠬᠤ︾ ᠦᠶᠡᠷ ᠤᠨ ᠬᠤᠭᠤᠴᠠᠭᠠᠨ ᠤ 24 ᠴᠠᠭ ᠤᠨ ᠵᠢᠵᠢᠭᠦᠷᠯᠡᠬᠦ ᠲᠦᠷᠢᠮ ᠪᠣᠯᠤᠨ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠠᠶᠤᠯ ᠲᠦᠭᠰᠢᠭᠦᠷᠢ ᠲᠠᠢ ᠦᠶ᠎ᠡ ᠳᠤ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠮᠡᠳᠡᠭᠡ ᠵᠠᠩᠭᠢ ᠶᠢᠨ ᠳᠠᠮᠵᠢᠭᠤᠯᠤᠯᠲᠠ ᠶᠢ ᠴᠠᠭ ᠲᠤᠬᠠᠢ ᠳᠤᠨᠢ ᠣᠨᠣᠪᠴᠢᠲᠠᠢ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠡᠳᠦᠷ ᠲᠤᠲᠤᠮ ᠤᠨ ᠬᠠᠮᠢᠶᠠᠷᠤᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠴᠢᠩᠭᠠᠳᠬᠠᠵᠤ᠂ ᠨᠥᠭᠡᠴᠡ ᠭᠦᠢᠴᠡᠳ᠂ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠯᠪᠠᠷᠬᠠᠨ ᠡᠭᠦᠰᠬᠦ ᠠᠭᠤᠯᠠᠨ ᠦᠶᠡᠷ ᠤᠨ ᠭᠤᠤ ᠰᠤᠪᠠᠭ ᠪᠣᠯᠤᠨ ᠵᠠᠮ ᠤᠨ ᠬᠡᠰᠡᠭ ᠤᠨ ᠢᠯᠡ ᠭᠠᠵᠠᠷ ᠲᠤ ᠲᠦᠭᠰᠢᠭᠦᠷᠢ ᠶᠢᠨ ᠰᠡᠷᠡᠮᠵᠢᠯᠡᠭᠦᠯᠦᠯ᠂ ᠰᠢᠯᠵᠢᠭᠦᠯᠬᠦ ᠵᠠᠮ ᠱᠤᠭᠤᠮ ᠵᠡᠷᠭᠡ ᠲᠡᠮᠳᠡᠭ ᠫᠠᠶᠢᠰᠠ ᠭᠠᠷᠭᠠᠵᠤ᠂ ᠨᠠᠰᠢ ᠴᠠᠰᠢ ᠥᠩᠭᠡᠷᠡᠬᠦ ᠲᠡᠷᠭᠡ ᠪᠣᠯᠤᠨ ᠶᠠᠪᠠᠭᠠᠨ ᠬᠥᠮᠦᠨ ᠳᠤ ᠴᠠᠭ ᠲᠤᠬᠠᠶ ᠳᠤᠨᠢ ᠠᠶᠤᠯᠲᠠᠶ ᠣᠷᠣᠨ ᠠᠴᠠ ᠵᠠᠶᠢᠯᠠᠬᠤ ᠶᠢ ᠪᠦᠲᠦᠮᠵᠢᠲᠡᠶ ᠰᠠᠨᠠᠭᠤᠯᠵᠤ᠂ ᠴᠢᠬᠤᠯᠠ ᠲᠠᠢ ᠦᠶ᠎ᠡ ᠳᠤ ᠲᠤᠰᠬᠠᠶ ᠬᠥᠮᠦᠨ ᠲᠣᠮᠢᠯᠠᠨ ᠰᠠᠬᠢᠭᠤᠯᠵᠤ᠂ ᠢᠳᠬᠠᠨ ᠬᠤᠷᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃                 ᠵᠤᠬᠢᠶᠠᠭᠴᠢ᠄ ᠳ᠋ᠠ ᠺᠦ᠋ ᠯᠢᠶᠠᠨ ᠰᠢᠶᠠᠩ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3