ᠰᠢᠩ ᠾᠧ ᠰᠢᠶᠠᠨ ᠤ ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/9
     7 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠦᠷᠦᠯ ᠵᠦᠢᠯ ᠮᠠᠨ ᠤ ᠰᠢᠶᠠᠨ ᠤ ᠴᠧᠩ ᠭᠤᠸᠠᠨ ᠪᠠᠯᠭᠠᠰᠤ ᠶᠢᠨ ᠬᠤᠷᠢᠨ ᠭᠤᠷᠪᠠᠳᠤᠭᠠᠷ ᠨᠣᠮᠧᠷ ᠲᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠤᠯᠠᠭᠠᠨᠴᠠᠪ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠶᠤᠸᠠᠢ᠂ ᠰᠢᠶᠠᠨ ᠤ ᠤᠳᠤᠷᠢᠳᠤᠯᠭ᠎ᠠ ᠶᠠᠩ ᠵᠧᠨ ᠳ᠋ᠦᠩ᠂ ᠬᠥᠩ ᠰᠢᠤ ᠯᠦᠩ᠂ ᠾᠧᠦ ᡁᠢ ᠶᠦᠩ ᠠᠵᠢᠯᠯᠠᠭ᠎ᠠ ᠳᠤ ᠣᠷᠣᠯᠴᠠᠵᠤ᠂ ᠲᠦᠩᠯᠢᠶᠣᠤ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠪᠡᠭᠡᠵᠢᠩ ᠤᠨ ᠴᠠᠬᠠᠷ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠤᠷᠢᠯᠭ᠎ᠠ ᠪᠠᠷ ᠣᠷᠣᠯᠴᠠᠵᠠᠶ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠩ ᠶᠤᠸᠠᠢ᠂ ᠬᠥᠩ ᠰᠢᠤ ᠯᠦᠩ ᠲᠣᠰ ᠲᠣᠰ ᠬᠤᠲᠠ᠂ ᠰᠢᠶᠠᠨ ᠢ ᠲᠥᠯᠥᠭᠡᠯᠡᠨ ᠪᠠᠶᠠᠷ ᠤᠨ ᠦᠭᠡ ᠬᠡᠯᠡᠵᠦ᠂ ᠤᠷᠢᠭᠳᠠᠭᠰᠠᠨ ᠬᠦᠨᠳᠦᠲᠦ ᠵᠣᠴᠢᠨ ᠦᠭᠡ ᠬᠡᠯᠡᠪᠡ᠃          ᠵᠠᠩ ᠶᠤᠸᠠᠢ ᠪᠠᠶᠠᠷ ᠤᠨ ᠦᠭᠡ ᠳᠡᠭᠡᠨ ᠤᠷᠳᠤ ᠬᠤᠭᠤᠴᠠᠭᠠᠨ ᠤ ᠲᠤᠷᠰᠢ ᠤᠯᠠᠭᠠᠨᠴᠠᠪ ᠬᠤᠳᠠ ᠵᠢᠴᠢ ᠰᠢᠩ ᠡᡁᠧ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠡᠬᠢᠯᠡᠭᠦᠯᠦᠭᠰᠡᠨ ᠨᠢ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠳᠤ ᠴᠢᠬᠤᠯᠠ ᠬᠥᠲᠥᠯᠦᠨ ᠳᠠᠭᠠᠭᠤᠯᠬᠤ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠨ ᠬᠢᠨ ᠬᠤᠶᠢᠰᠢᠳᠠ ᠶᠢᠨ ᠬᠥᠭᠵᠢᠯᠲᠡ ᠶᠢᠨ ᠳᠤᠮᠳᠠ ᠢᠮᠠᠭᠲᠠ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠠᠷᠢᠶᠠᠴᠢᠨ ᠡᠷᠦᠬᠡ ᠯᠦᠭᠡ ᠶᠢᠨ ᠬᠠᠮᠲᠤᠷᠠᠯᠴᠠᠭ᠎ᠠ ᠪᠠᠷ ᠳᠠᠮᠵᠢᠭᠤᠯᠵᠤ᠂ ᠡᠷᠬᠢᠨ ᠲᠣᠭᠤᠷᠢᠨ ᠤ ᠤᠯᠠᠨ ᠲᠦᠮᠡᠨ ᠢ ᠲᠠᠶᠢᠴᠢᠯᠠᠨ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠶᠢ ᠬᠠᠮᠲᠤᠪᠠᠷ ᠬᠥᠭᠵᠢᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠬᠦᠰᠡᠵᠦ ᠪᠠᠶᠢᠨ᠎ᠠ ᠭᠡᠪᠡ᠃
     ᠬᠥᠩ ᠰᠢᠤ ᠯᠦᠩ ᠪᠠᠶᠠᠷ ᠤᠨ ᠦᠭᠡ ᠳᠡᠭᠡᠨ ᠮᠠᠨ ᠤ ᠰᠢᠶᠠᠨ ᠤ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠲᠡᠵᠢᠭᠡᠯ ᠡᠪᠡᠰᠦᠨ ᠤ ᠡᠬᠢ ᠪᠠᠶᠠᠯᠢᠭ ᠵᠡᠷᠭᠡ ᠳᠠᠪᠠᠭᠤᠯᠢᠭ ᠢ ᠲᠠᠨᠢᠯᠴᠠᠭᠤᠯᠤᠭᠰᠠᠨ ᠪᠥᠭᠡᠳ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠡᠷᠲᠡᠬᠡᠨ ᠪᠦᠬᠦ ᠲᠠᠯ᠎ᠠ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃
   ᠲᠣᠰ ᠲᠥᠷᠥᠯ ᠵᠤᠶᠢᠯ ᠪᠣᠯ ᠮᠠᠨ ᠤ ᠰᠢᠶᠠᠨ ᠤ ︽ᠲᠠᠪᠤᠨ ᠶᠡᠭᠡ ᠡᠭᠦᠷᠭᠡ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠥᠪᠥᠷ ᠮᠣᠩᠭᠤᠯ ᠤᠨ ᠰᠢᠩ ᠮᠥ ᠭᠤᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠵᠤ ᠪᠣᠳᠠᠲᠠᠶᠢᠵᠢᠭᠤᠯᠤᠭᠰᠠᠨ ᠴᠢᠬᠤᠯᠠ ᠶᠡᠭᠡ ᠲᠥᠷᠥᠯ  ᠵᠤᠶᠢᠯ ᠢ ᠣᠷᠣᠭᠤᠯᠤᠨ ᠠᠪᠴᠢᠷᠠᠪᠠ᠃ ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠦᠷᠦᠯ ᠵᠦᠢᠯ ᠮᠠᠨ ᠤ ᠰᠢᠶᠠᠨ ᠤ ᠪᠠᠶᠢᠭᠠᠯᠢ ᠶᠢᠨ ᠨᠥᠬᠦᠴᠡᠯ ᠪᠣᠯᠤᠨ ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ᠂ ᠪᠦᠬᠦ ᠤᠯᠤᠰ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠣᠳᠣᠬᠢᠴᠢᠯᠠᠭᠰᠠᠨ ᠪᠠᠷᠢᠮᠵᠢᠶ᠎ᠠ ᠪᠠᠷ ᠬᠠᠮᠤᠭ ᠤᠨ ᠥᠨᠳᠥᠷ᠂ ᠠᠵᠤ ᠦᠢᠯᠡᠰ ᠤᠨ ᠬᠡᠯᠬᠢᠶ᠎ᠡ ᠬᠠᠮᠤᠭ ᠤᠨ ᠤᠷᠲᠤ᠂ ᠶᠡᠷᠦᠩᠬᠡᠶᠢᠯᠡᠭᠰᠡᠨ ᠦᠷ᠎ᠡ ᠠᠰᠢᠭ ᠢᠶᠠᠷ ᠬᠠᠮᠤᠭ ᠤᠨ ᠴᠢᠩᠭ᠎ᠠ ᠠᠯᠠᠰᠢᠨ ᠬᠤᠨᠢᠨ ᠤ ᠠᠵᠤ ᠦᠢᠯᠡᠰ ᠤᠨ ᠰᠢᠨ᠎ᠡ ᠥᠨᠳᠦᠷᠯᠢᠭ ᠢ ᠪᠠᠶᠢᠭᠤᠯᠬᠤ ᠪᠠᠷ ᠴᠢᠷᠮᠠᠶᠢᠨ᠎ᠠ᠃ ᠶᠡᠷᠦᠩᠬᠡᠢ ᠪᠡᠯᠡ ᠣᠷᠣᠭᠤᠯᠤᠯᠲᠠ ᠨᠢ 8 ᠳ᠋ᠦᠩᠰᠢᠭᠤᠷ ᠲᠥᠭᠦᠷᠢᠭ᠂ ᠲᠥᠯᠥᠪᠵᠢᠭᠦᠯᠭᠡ ᠶᠢ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠲᠥᠯᠥᠪᠵᠢᠭᠦᠯᠪᠡ᠂ 121 ᠲᠦᠮᠡᠨ ᠲᠡᠭᠰᠢ ᠳᠥᠷᠪᠡᠯᠵᠢᠨ ᠮᠧᠳ᠋ᠷ ᠲᠠᠯᠠᠪᠠᠢ ᠡᠵᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠨ ᠪᠠ ᠲᠡᠵᠢᠭᠡᠨ ᠦᠷᠡᠵᠢᠭᠦᠯᠬᠦ ᠣᠷᠣᠨ ᠢ ᠪᠠᠭᠲᠠᠭᠠᠨ᠎ᠠ᠃ ᠬᠦᠷᠢᠶᠡᠯᠡᠩ ᠲᠣᠭᠤᠷᠢᠭ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠳᠤ 100 ᠲᠦᠮᠡᠨ ᠰᠠᠶᠢᠨ ᠡᠭᠦᠯᠳᠡᠷ ᠤᠨ ᠠᠯᠠᠰᠢᠨ ᠬᠤᠨᠢ ᠪᠣᠷᠳᠣᠨ ᠭᠠᠷᠭᠠᠵᠤ᠂ ᠵᠢᠯ ᠳᠤ 1.23 ᠲᠦᠮᠡᠨ ᠲᠣᠨ ᠬᠦᠢᠲᠡᠨ ᠰᠣᠷᠭᠤᠭ ᠬᠤᠨᠢᠨ ᠮᠢᠬ᠎ᠠ ᠦᠢᠯᠡᠳᠪᠦᠷᠢᠯᠡᠵᠦ᠂ ᠪᠡᠭᠡᠵᠢᠩ ᠲᠢᠶᠠᠨᠵᠢᠨ ᠾᠧᠪᠧᠶ ᠣᠷᠣᠨ ᠤ ᠬᠤᠨᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠬᠠᠩᠭᠠᠵᠤ᠂ 3000 ᠬᠥᠮᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠪᠡ᠃ ᠣᠳᠣᠬᠠᠨ ᠳᠤ᠂ ᠠᠩᠬᠠᠳᠠᠭᠴᠢ ᠥᠨᠳᠥᠷ ᠪᠠᠷᠢᠮᠵᠢᠶᠠᠲᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠪᠣᠯᠤᠨ ᠪᠣᠷᠳᠣᠵᠤ ᠲᠠᠷᠭᠤᠯᠠᠭᠤᠯᠬᠤ ᠬᠤᠷᠠᠭ᠎ᠠ ᠶᠢ ᠨᠢᠭᠡᠨᠲᠡ ᠪᠠᠶᠢᠭᠤᠯᠵᠤ ᠳᠠᠭᠤᠰᠬᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3