ᠰᠢᠩ ᠾᠧ ᠰᠢᠶᠠᠨ ᠤ 26.12 MW ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠤᠶᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2024/8/1
     ᠰᠢᠩ ᠾᠧ ᠰᠢᠶᠠᠨ ᠤ 26.12MW ᠬᠡᠷᠡᠯ ᠴᠡᠨᠡᠭ ᠤᠨ ᠬᠠᠪᠰᠤᠷᠤᠨ ᠲᠡᠳᠬᠦᠬᠦ ᠢᠨᠵᠧᠨᠧᠷᠢᠩ ᠤᠨ ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠤᠶᠢᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠᠯᠠ ᠣᠷᠣᠭᠤᠯᠬᠤ ᠥᠰᠥᠭ ﹇2012﹈ 2993 ᠳ᠋ᠤᠭᠠᠷ ᠲᠣᠭᠠᠲᠤ︶᠂ ︽ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠵᠠᠳᠠᠯᠬᠤ ᠬᠠᠭᠤᠳᠠᠰᠤ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶᠎ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠬᠡᠷ ᠤᠨ ᠪᠠᠯᠠ ᠣᠷᠣᠭᠤᠯᠤᠯᠲᠠ ﹇2013﹈ 428 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠤᠶᠢᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠣᠰ ᠲᠥᠷᠥᠯ ᠵᠤᠶᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠥᠬᠦᠶ ᠠᠭᠤᠯᠭ᠎ᠠ ᠵᠢᠴᠢ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ      ᠰᠢᠩ ᠾᠧ ᠰᠢᠶᠠᠨ ᠤ ᠬᠡᠷᠡᠯ ᠴᠡᠨᠡᠭ ᠢ ᠬᠠᠪᠰᠤᠷᠤᠨ ᠲᠡᠳᠬᠦᠬᠦ ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠤᠶᠢᠯ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠣᠯ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠮᠥᠨ᠂ ᠵᠠᠰᠠᠭ ᠤᠨ ᠣᠷᠳᠣᠨ ᠤ ᠴᠢᠨᠠᠷᠲᠠᠶ ᠪᠠᠯᠠ ᠮᠥᠩᠭᠦ ᠶᠢ ᠠᠰᠢᠭᠯᠠᠨ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠲᠥᠷᠥᠯ ᠵᠦᠶ᠋ᠯ ᠪᠠᠶᠢᠭᠤᠯᠤᠭᠳᠠᠭᠰᠠᠨ ᠤ ᠳᠠᠷᠠᠭ᠎ᠠ ᠥᠮᠴᠢᠯᠡᠬᠦ ᠡᠷᠬᠡ ᠨᠢ ᠲᠣᠰᠬᠤᠨ ᠤ ᠬᠠᠮᠲᠤ ᠨᠡᠶᠢᠲᠡ ᠳᠤ ᠥᠮᠴᠢᠯᠡᠭᠳᠡᠨ᠎ᠡ᠃ ᠲᠣᠰ ᠲᠥᠷᠥᠯ ᠵᠦᠢᠯ ᠤᠨ ᠶᠡᠷᠦᠩᠬᠡᠶ ᠬᠡᠪᠴᠢᠶ᠎ᠡ ᠨᠢ 26.12MW ᠪᠠᠶᠢᠵᠤ᠂ 7 ᠲᠣᠰᠬᠤᠨ ᠤ ᠱᠠᠲᠤᠨ ᠤ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠪᠠᠶᠢᠵᠤ᠂ ᠲᠥᠷᠥᠯ ᠵᠦᠢᠯ ᠤᠨ ᠰᠣᠩᠭᠤᠬᠤ ᠪᠠᠷ ᠪᠠᠶᠢᠭ᠎ᠠ ᠲᠠᠯᠠᠪᠠᠶ ᠨᠢ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠰᠠᠶᠢᠬᠤᠰᠤ ᠪᠠᠯᠭᠠᠰᠤ᠂ ᠳ᠋ᠠ ᠺᠦ᠋ ᠯᠢᠶᠠᠨ ᠰᠢᠶᠠᠩ᠂ ᠦᠨᠳᠦᠰᠦᠲᠡᠨ ᠤ ᠪᠦᠯᠬᠦᠮᠳᠡᠯ ᠰᠢᠶᠠᠩ᠂ ᠡᠷᠳᠡᠨᠢ ᠪᠠᠯᠭᠠᠰᠤᠨ ᠳᠤ ᠪᠠᠶᠢᠷᠢᠯᠠᠵᠤ᠂ ᠭᠠᠵᠠᠷ ᠤᠨ ᠪᠠᠶᠢᠴᠠ ᠨᠢ ᠲᠡᠭᠰᠢ ᠳᠠᠷᠳᠠᠩ ᠪᠠᠶᠢᠵᠤ᠂ 7 ᠲᠣᠰᠬᠤᠨ ᠤ ᠱᠠᠲᠤᠨ ᠤ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠲᠠᠯᠠᠪᠠᠶ ᠶᠢᠨ ᠶᠡᠷᠦᠩᠬᠡᠶ ᠲᠠᠯᠠᠪᠠᠶ ᠨᠢ ᠪᠠᠷᠤᠭ 683.4 ᠮᠥ ᠪᠣᠯᠤᠨ᠎ᠠ᠃      ᠲᠣᠰ ᠲᠥᠷᠥᠯ ᠵᠦᠢᠯ ᠤᠨ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 26.12MW ᠪᠠᠶᠢᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 26.12MW ᠪᠠᠶᠢᠵᠤ᠂ ᠨᠡᠶᠢᠲᠡ 7 ᠲᠥᠷᠥᠯ ᠵᠦᠢᠯ ᠢᠶᠠᠷ ᠪᠦᠷᠢᠯᠳᠦᠵᠦ᠂ ᠪᠠᠭᠲᠠᠭᠠᠮᠵᠢ ᠨᠢ ᠲᠣᠰ ᠲᠣᠰ 1 2.12MW ᠬᠤᠪᠢᠶᠠᠷᠢ ᠲᠥᠷᠥᠯ ᠵᠦᠢᠯ᠂ 4 3MW᠎ ᠶᠢᠨ ᠲᠥᠷᠥᠯ ᠵᠦᠢᠯ᠂ 6MW᠎ ᠶᠢᠨ ᠲᠥᠷᠥᠯ ᠵᠦᠢᠯ ᠪᠣᠯᠣᠨ᠎ᠠ᠃ ᠲᠥᠷᠥᠯ ᠵᠦᠢᠯ ᠳᠤ ᠨᠡᠶᠢᠲᠡ 49808 ᠬᠡᠰᠡᠭ ᠲᠣᠨᠤᠭ ᠲᠥᠬᠦᠭᠡᠷᠦᠮᠵᠢ᠂ 2333 ᠭᠡᠷᠡᠯ ᠴᠡᠨᠡᠭ ᠤᠨ ᠬᠠᠮ ᠬᠡᠯᠬᠢᠶ᠎ᠡ᠂ 80 ᠰᠠᠭᠤᠷᠢ 300 kW᠎ ᠶᠢᠨ ᠤᠭᠰᠠᠷᠠᠭ᠎ᠠ ᠮᠠᠶ᠋ᠢᠭ ᠤᠨ ᠰᠥᠷᠭᠡᠦ ᠬᠤᠪᠢᠰᠬᠠᠭᠤᠷ᠂ 9 ᠰᠠᠭᠤᠷᠢ 150kW᠎ ᠶᠢᠨ ᠤᠭᠰᠠᠷᠠᠭ᠎ᠠ ᠮᠠᠶ᠋ᠢᠭ ᠤᠨ ᠰᠥᠷᠭᠡᠦ ᠬᠤᠪᠢᠰᠬᠠᠭᠤᠷ᠂ 7 ᠰᠠᠭᠤᠷᠢ 110kW ᠳᠤᠭᠤᠶᠢᠯᠠᠩ ᠤᠨ ᠬᠡᠯᠬᠢᠶ᠎ᠡ ᠮᠠᠶ᠋ᠢᠭ ᠤᠨ ᠰᠥᠷᠭᠡᠦ ᠬᠤᠪᠢᠰᠬᠠᠭᠤᠷ᠂ ᠤᠭᠰᠠᠷᠠᠭᠰᠠᠨ ᠪᠠᠭᠲᠠᠭᠠᠮᠵᠢ ᠵᠢᠴᠢ ᠲᠣᠭᠲᠠᠮᠠᠯ ᠭᠦᠶᠦᠳᠡᠯ ᠤᠨ ᠲᠠᠯ᠎ᠠ ᠶᠢᠨ ᠪᠠᠭᠲᠠᠭᠠᠮᠵᠢ ᠨᠢ 31.628MWp ᠪᠠᠶᠢᠵᠤ᠂ ᠵᠠᠮ ᠤᠨ ᠪᠠᠭᠲᠠᠭᠠᠮᠵᠢ ᠨᠢ 26.12MW ᠪᠣᠯᠤᠨ᠎ᠠ᠃      ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠂ ᠪᠣᠳᠠᠲᠠᠶ ᠬᠡᠯᠪᠡᠷᠢ ᠵᠢᠴᠢ ᠬᠤᠭᠤᠴᠠᠭ᠎ᠠ ᠬᠢᠵᠠᠭᠠᠷ      ᠰᠠᠨᠠᠯ ᠪᠣᠯᠤᠨ ᠰᠠᠨᠠᠭᠤᠯᠭ᠎ᠠ ᠶᠢᠨ ᠥᠷᠭᠡᠨ ᠳᠡᠯᠭᠡᠷ ᠴᠢᠨᠠᠷ ᠢ ᠪᠠᠲᠤᠯᠠᠬᠤ ᠶᠢᠨ ᠲᠤᠰᠠᠳᠠ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠢᠭ ᠲᠤᠰᠠ ᠶᠢᠨ ᠬᠠᠮᠲᠤᠯᠢᠭ ᠤᠨ ᠲᠤᠰ ᠵᠦᠢᠯ ᠤᠨ ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠤᠯᠪᠠ᠃      ︵1︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠤᠰ ᠲᠥᠷᠥᠯ ᠵᠦᠢᠯ ᠳᠤ ᠬᠤᠯᠪᠣᠭᠳᠠᠭᠰᠠᠨ ᠣᠯᠠᠨ ᠲᠦᠮᠡᠨ ᠢ ᠬᠤᠷᠢᠶᠠᠨ᠎ᠠ᠃      ︵2︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠭᠤᠤᠯ ᠠᠶᠤᠯ ᠲᠦᠭᠰᠢᠭᠦᠷᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ ᠦᠵᠡᠭᠦᠯᠬᠦ ᠨᠥᠯᠥᠭᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠦᠢᠯᠡᠳᠦᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ ᠱᠠᠭᠠᠷᠳᠠᠯᠭ᠎ᠠ ᠲᠠᠢ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠠᠶᠢᠬᠤ ᠵᠡᠷᠭᠡ ᠪᠣᠯᠤᠨ᠎ᠠ᠃      ︵3︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄ ᠲᠣᠰ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠠ ᠦᠨᠡᠯᠡᠨ ᠵᠢᠱᠢᠬᠦ ᠨᠢᠭᠡᠴᠡ ᠳᠤ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠲᠤᠰᠬᠠᠵᠤ᠂ ᠨᠠᠩ ᠲᠡᠭᠦᠯᠳᠡᠷᠵᠢᠭᠰᠡᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠤᠰᠬᠠᠨ᠎ᠠ᠃      ᠭᠤᠷᠪᠠ᠂ ᠣᠯᠠᠨ ᠨᠡᠶᠢᠲᠡ ᠶᠢᠨ ᠣᠷᠣᠯᠴᠠᠬᠤ ᠬᠠᠷᠢᠯᠴᠠᠬᠤ ᠠᠷᠭ᠎ᠠ ᠮᠠᠶ᠋ᠢᠭ      ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ      ᠬᠠᠷᠢᠯᠴᠠᠬᠤ ᠬᠥᠮᠥ᠄ ᠵᠠᠩ ᠭᠦᠢ      ᠬᠠᠷᠢᠯᠴᠠᠬᠤ ᠤᠲᠠᠰᠤ᠄ 1584945456      ᠪᠠᠶᠢᠭᠤᠯᠭ᠎ᠠ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠨ᠎ᠡ ᠬᠤᠲᠠ ᠶᠢᠨ ᠰᠢᠩ ᠳ᠋ᠠ ᠨᠡᠶᠢᠭᠡᠮ ᠲᠣᠭᠤᠷᠢᠭ ᠤᠨ 2 ᠳ᠋ᠤᠭᠠᠷ ᠳᠠᠪᠬᠤᠷᠯᠢᠭ      ᠦᠨᠡᠯᠡᠨ ᠵᠢᠱᠢᠬᠦ ᠨᠢᠭᠡᠴᠡ᠄ ᠵᠥᠩ ᠶᠠᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ      ᠬᠠᠷᠢᠯᠴᠠᠬᠤ ᠬᠥᠮᠥᠨ᠄ ᠵᠠᠩ ᠹᠸᠢ ᠵᠢᠶᠦ᠋ᠨ      ᠬᠠᠷᠢᠯᠴᠠᠬᠤ ᠤᠲᠠᠰᠤ᠄ 18147434434      ᠨᠢᠭᠡᠴᠡ᠄ ᠸᠧᠨᠴᠤᠸᠠᠨ ᠰᠢᠶᠠᠨ ᠤ ᠸᠧᠶ ᠵᠧᠤ ᠪᠠᠯᠭᠠᠰᠤᠨ ᠤ ᠰᠠᠩ ᠫᠢᠩ ᠵᠠᠮ ᠤᠨ 39           ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ      
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3