ᠰᠢᠩ ᠾᠧ ᠰᠢᠶᠠᠨ ᠤ 26.12MW ᠬᠡᠷᠡᠯ ᠴᠡᠨᠡᠭ ᠤᠨ ᠬᠠᠪᠰᠤᠷᠤᠨ ᠲᠡᠳᠬᠦᠬᠦ ᠢᠨᠵᠧᠨᠧᠷᠢᠩ ᠤᠨ | ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠤᠶᠢᠯ ᠨᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠᠯᠠ ᠣᠷᠣᠭᠤᠯᠬᠤ ᠥᠰᠥᠭ ﹇2012﹈ 2993 ᠳ᠋ᠤᠭᠠᠷ | ᠲᠣᠭᠠᠲᠤ︶᠂ ︽ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠵᠠᠳᠠᠯᠬᠤ ᠬᠠᠭᠤᠳᠠᠰᠤ ᠪᠠ ᠦᠨᠡᠯᠡᠨ ᠵᠢᠱᠢᠭᠰᠡᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠬᠡᠷ ᠤᠨ ᠪᠠᠯᠠ ᠣᠷᠣᠭᠤᠯᠤᠯᠲᠠ ﹇2013﹈ 428 | ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠤᠶᠢᠯᠡᠰ ᠤᠨ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠲᠦᠷᠢᠮ ︵ᠲᠤᠷᠰᠢᠨ | ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠣᠰ ᠲᠥᠷᠥᠯ ᠵᠤᠶᠢᠯ ᠤᠨ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠥᠬᠦᠶ ᠠᠭᠤᠯᠭ᠎ᠠ ᠵᠢᠴᠢ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ | ᠰᠢᠩ ᠾᠧ ᠰᠢᠶᠠᠨ ᠤ ᠬᠡᠷᠡᠯ ᠴᠡᠨᠡᠭ ᠢ ᠬᠠᠪᠰᠤᠷᠤᠨ ᠲᠡᠳᠬᠦᠬᠦ ᠲᠣᠰᠬᠤᠨ ᠤ ᠲᠠᠰ ᠤᠨ ᠴᠠᠬᠢᠯᠭᠠᠨ | ᠥᠷᠲᠡᠭᠡ ᠶᠢᠨ ᠲᠥᠷᠥᠯ ᠵᠤᠶᠢᠯ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠣᠯ ᠰᠢᠩ ᠾᠧ ᠰᠢᠶᠠᠨ ᠤ ᠲᠠᠢ ᠶᠠᠩ | ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠮᠥᠨ᠂ ᠵᠠᠰᠠᠭ ᠤᠨ | ᠣᠷᠳᠣᠨ ᠤ ᠴᠢᠨᠠᠷᠲᠠᠶ ᠪᠠᠯᠠ ᠮᠥᠩᠭᠦ ᠶᠢ ᠠᠰᠢᠭᠯᠠᠨ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠲᠥᠷᠥᠯ ᠵᠦᠶ᠋ᠯ | ᠪᠠᠶᠢᠭᠤᠯᠤᠭᠳᠠᠭᠰᠠᠨ ᠤ ᠳᠠᠷᠠᠭ᠎ᠠ ᠥᠮᠴᠢᠯᠡᠬᠦ ᠡᠷᠬᠡ ᠨᠢ ᠲᠣᠰᠬᠤᠨ ᠤ ᠬᠠᠮᠲᠤ ᠨᠡᠶᠢᠲᠡ ᠳᠤ ᠥᠮᠴᠢᠯᠡᠭᠳᠡᠨ᠎ᠡ᠃ ᠲᠣᠰ | ᠲᠥᠷᠥᠯ ᠵᠦᠢᠯ ᠤᠨ ᠶᠡᠷᠦᠩᠬᠡᠶ ᠬᠡᠪᠴᠢᠶ᠎ᠡ ᠨᠢ 26.12MW ᠪᠠᠶᠢᠵᠤ᠂ 7 ᠲᠣᠰᠬᠤᠨ ᠤ ᠱᠠᠲᠤᠨ ᠤ ᠬᠠᠪᠰᠤᠷᠤᠨ | ᠲᠡᠳᠬᠦᠬᠦ ᠴᠠᠬᠢᠯᠭᠠᠨ ᠥᠷᠲᠡᠭᠡ ᠪᠠᠶᠢᠵᠤ᠂ ᠲᠥᠷᠥᠯ ᠵᠦᠢᠯ ᠤᠨ ᠰᠣᠩᠭᠤᠬᠤ ᠪᠠᠷ ᠪᠠᠶᠢᠭ᠎ᠠ ᠲᠠᠯᠠᠪᠠᠶ ᠨᠢ ᠤᠯᠠᠭᠠᠨᠴᠠᠪ | ᠬᠤᠲᠠ ᠶᠢᠨ ᠰᠢᠩ ᠾᠧ ᠰᠢᠶᠠᠨ ᠤ ᠰᠠᠶᠢᠬᠤᠰᠤ ᠪᠠᠯᠭᠠᠰᠤ᠂ ᠳ᠋ᠠ ᠺᠦ᠋ ᠯᠢᠶᠠᠨ ᠰᠢᠶᠠᠩ᠂ ᠦᠨᠳᠦᠰᠦᠲᠡᠨ ᠤ | ᠪᠦᠯᠬᠦᠮᠳᠡᠯ ᠰᠢᠶᠠᠩ᠂ ᠡᠷᠳᠡᠨᠢ ᠪᠠᠯᠭᠠᠰᠤᠨ ᠳᠤ ᠪᠠᠶᠢᠷᠢᠯᠠᠵᠤ᠂ ᠭᠠᠵᠠᠷ ᠤᠨ ᠪᠠᠶᠢᠴᠠ ᠨᠢ ᠲᠡᠭᠰᠢ ᠳᠠᠷᠳᠠᠩ ᠪᠠᠶᠢᠵᠤ᠂ | 7 ᠲᠣᠰᠬᠤᠨ ᠤ ᠱᠠᠲᠤᠨ ᠤ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠲᠠᠯᠠᠪᠠᠶ ᠶᠢᠨ ᠶᠡᠷᠦᠩᠬᠡᠶ ᠲᠠᠯᠠᠪᠠᠶ ᠨᠢ | ᠪᠠᠷᠤᠭ 683.4 ᠮᠥ ᠪᠣᠯᠤᠨ᠎ᠠ᠃ | ᠲᠣᠰ ᠲᠥᠷᠥᠯ ᠵᠦᠢᠯ ᠤᠨ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 26.12MW | ᠪᠠᠶᠢᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 26.12MW ᠪᠠᠶᠢᠵᠤ᠂ ᠨᠡᠶᠢᠲᠡ 7 ᠲᠥᠷᠥᠯ | ᠵᠦᠢᠯ ᠢᠶᠠᠷ ᠪᠦᠷᠢᠯᠳᠦᠵᠦ᠂ ᠪᠠᠭᠲᠠᠭᠠᠮᠵᠢ ᠨᠢ ᠲᠣᠰ ᠲᠣᠰ 1 2.12MW ᠬᠤᠪᠢᠶᠠᠷᠢ ᠲᠥᠷᠥᠯ ᠵᠦᠢᠯ᠂ 4 | 3MW ᠶᠢᠨ ᠲᠥᠷᠥᠯ ᠵᠦᠢᠯ᠂ 6MW ᠶᠢᠨ ᠲᠥᠷᠥᠯ ᠵᠦᠢᠯ ᠪᠣᠯᠣᠨ᠎ᠠ᠃ ᠲᠥᠷᠥᠯ ᠵᠦᠢᠯ ᠳᠤ ᠨᠡᠶᠢᠲᠡ | 49808 ᠬᠡᠰᠡᠭ ᠲᠣᠨᠤᠭ ᠲᠥᠬᠦᠭᠡᠷᠦᠮᠵᠢ᠂ 2333 ᠭᠡᠷᠡᠯ ᠴᠡᠨᠡᠭ ᠤᠨ ᠬᠠᠮ ᠬᠡᠯᠬᠢᠶ᠎ᠡ᠂ 80 ᠰᠠᠭᠤᠷᠢ 300 | kW ᠶᠢᠨ ᠤᠭᠰᠠᠷᠠᠭ᠎ᠠ ᠮᠠᠶ᠋ᠢᠭ ᠤᠨ ᠰᠥᠷᠭᠡᠦ ᠬᠤᠪᠢᠰᠬᠠᠭᠤᠷ᠂ 9 ᠰᠠᠭᠤᠷᠢ 150kW ᠶᠢᠨ ᠤᠭᠰᠠᠷᠠᠭ᠎ᠠ | ᠮᠠᠶ᠋ᠢᠭ ᠤᠨ ᠰᠥᠷᠭᠡᠦ ᠬᠤᠪᠢᠰᠬᠠᠭᠤᠷ᠂ 7 ᠰᠠᠭᠤᠷᠢ 110kW ᠳᠤᠭᠤᠶᠢᠯᠠᠩ ᠤᠨ ᠬᠡᠯᠬᠢᠶ᠎ᠡ ᠮᠠᠶ᠋ᠢᠭ ᠤᠨ ᠰᠥᠷᠭᠡᠦ | ᠬᠤᠪᠢᠰᠬᠠᠭᠤᠷ᠂ ᠤᠭᠰᠠᠷᠠᠭᠰᠠᠨ ᠪᠠᠭᠲᠠᠭᠠᠮᠵᠢ ᠵᠢᠴᠢ ᠲᠣᠭᠲᠠᠮᠠᠯ ᠭᠦᠶᠦᠳᠡᠯ ᠤᠨ ᠲᠠᠯ᠎ᠠ ᠶᠢᠨ ᠪᠠᠭᠲᠠᠭᠠᠮᠵᠢ ᠨᠢ 31. | 628MWp ᠪᠠᠶᠢᠵᠤ᠂ ᠵᠠᠮ ᠤᠨ ᠪᠠᠭᠲᠠᠭᠠᠮᠵᠢ ᠨᠢ 26.12MW ᠪᠣᠯᠤᠨ᠎ᠠ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠂ ᠪᠣᠳᠠᠲᠠᠶ ᠬᠡᠯᠪᠡᠷᠢ ᠵᠢᠴᠢ | ᠬᠤᠭᠤᠴᠠᠭ᠎ᠠ ᠬᠢᠵᠠᠭᠠᠷ | ᠰᠠᠨᠠᠯ ᠪᠣᠯᠤᠨ ᠰᠠᠨᠠᠭᠤᠯᠭ᠎ᠠ ᠶᠢᠨ ᠥᠷᠭᠡᠨ ᠳᠡᠯᠭᠡᠷ ᠴᠢᠨᠠᠷ ᠢ ᠪᠠᠲᠤᠯᠠᠬᠤ ᠶᠢᠨ ᠲᠤᠰᠠᠳᠠ᠂ ᠲᠤᠰ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠢᠭ ᠲᠤᠰᠠ ᠶᠢᠨ ᠬᠠᠮᠲᠤᠯᠢᠭ ᠤᠨ ᠲᠤᠰ ᠵᠦᠢᠯ ᠤᠨ | ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠤᠯᠪᠠ᠃ | ︵1︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠤᠰ ᠲᠥᠷᠥᠯ ᠵᠦᠢᠯ ᠳᠤ ᠬᠤᠯᠪᠣᠭᠳᠠᠭᠰᠠᠨ | ᠣᠯᠠᠨ ᠲᠦᠮᠡᠨ ᠢ ᠬᠤᠷᠢᠶᠠᠨ᠎ᠠ᠃ | ︵2︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ | ᠵᠦᠢᠯ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠭᠤᠤᠯ ᠠᠶᠤᠯ ᠲᠦᠭᠰᠢᠭᠦᠷᠢ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠶᠡᠭᠡ ᠲᠠᠯ᠎ᠠ ᠳᠤ ᠦᠵᠡᠭᠦᠯᠬᠦ ᠨᠥᠯᠥᠭᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ | ᠦᠵᠡᠭᠦᠯᠬᠦ ᠦᠢᠯᠡᠳᠦᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ | ᠱᠠᠭᠠᠷᠳᠠᠯᠭ᠎ᠠ ᠲᠠᠢ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠠᠶᠢᠬᠤ ᠵᠡᠷᠭᠡ | ᠪᠣᠯᠤᠨ᠎ᠠ᠃ | ︵3︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄ ᠲᠣᠰ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠠ ᠦᠨᠡᠯᠡᠨ ᠵᠢᠱᠢᠬᠦ ᠨᠢᠭᠡᠴᠡ ᠳᠤ ᠲᠣᠰ ᠲᠥᠷᠥᠯ | ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠲᠤᠰᠬᠠᠵᠤ᠂ | ᠨᠠᠩ ᠲᠡᠭᠦᠯᠳᠡᠷᠵᠢᠭᠰᠡᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ | ᠲᠤᠰᠬᠠᠨ᠎ᠠ᠃ | ᠭᠤᠷᠪᠠ᠂ ᠣᠯᠠᠨ ᠨᠡᠶᠢᠲᠡ ᠶᠢᠨ ᠣᠷᠣᠯᠴᠠᠬᠤ ᠬᠠᠷᠢᠯᠴᠠᠬᠤ ᠠᠷᠭ᠎ᠠ ᠮᠠᠶ᠋ᠢᠭ | ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ | ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ | ᠬᠠᠷᠢᠯᠴᠠᠬᠤ ᠬᠥᠮᠥ᠄ ᠵᠠᠩ ᠭᠦᠢ | ᠬᠠᠷᠢᠯᠴᠠᠬᠤ ᠤᠲᠠᠰᠤ᠄ 1584945456 | ᠪᠠᠶᠢᠭᠤᠯᠭ᠎ᠠ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ | ᠬᠤᠲᠠ ᠶᠢᠨ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠨ᠎ᠡ ᠬᠤᠲᠠ ᠶᠢᠨ ᠰᠢᠩ ᠳ᠋ᠠ ᠨᠡᠶᠢᠭᠡᠮ | ᠲᠣᠭᠤᠷᠢᠭ ᠤᠨ 2 ᠳ᠋ᠤᠭᠠᠷ ᠳᠠᠪᠬᠤᠷᠯᠢᠭ | ᠦᠨᠡᠯᠡᠨ ᠵᠢᠱᠢᠬᠦ ᠨᠢᠭᠡᠴᠡ᠄ ᠵᠥᠩ ᠶᠠᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ | ᠬᠠᠷᠢᠯᠴᠠᠬᠤ ᠬᠥᠮᠥᠨ᠄ ᠵᠠᠩ ᠹᠸᠢ ᠵᠢᠶᠦ᠋ᠨ | ᠬᠠᠷᠢᠯᠴᠠᠬᠤ ᠤᠲᠠᠰᠤ᠄ 18147434434 | ᠨᠢᠭᠡᠴᠡ᠄ ᠸᠧᠨᠴᠤᠸᠠᠨ ᠰᠢᠶᠠᠨ ᠤ ᠸᠧᠶ ᠵᠧᠤ ᠪᠠᠯᠭᠠᠰᠤᠨ ᠤ ᠰᠠᠩ ᠫᠢᠩ ᠵᠠᠮ ᠤᠨ 39 | | ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |