ᠯᠢ ᠺᠠᠶ ᠳ᠋ᠦᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/1
     8 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠰᠢᠩ ᠹᠠ ᠨᠡᠶᠢᠭᠡᠮ ᠲᠣᠭᠤᠷᠢᠭ ᠤᠨ ᠬᠤᠭᠤᠯᠠᠨ ᠭᠡᠷ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠭᠤᠯᠠᠨ ᠭᠡᠷ ᠤᠨ ᠣᠷᠴᠢᠨ ᠲᠣᠭᠤᠷᠢᠨ ᠤ ᠲᠥᠬᠦᠭᠡᠷᠦᠮᠵᠢ᠂ ᠦᠢᠯᠡᠴᠢᠯᠡᠭᠡᠨ ᠤ ᠪᠠᠷᠢᠮᠵᠢᠶ᠎ᠠ᠂ ᠬᠠᠮᠢᠶᠠᠷᠤᠯᠲᠠ ᠶᠢᠨ ᠲᠦᠷᠢᠮ ᠪᠣᠯᠤᠨ ᠡᠵᠡᠩᠨᠡᠯᠲᠡ ᠶᠢᠨ ᠵᠠᠭᠪᠤᠷ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠤᠨ ᠬᠤᠭᠤᠯᠠᠨ ᠬᠡᠷ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ ᠠᠷᠠᠳ ᠲᠤ ᠠᠰᠢᠭᠲᠠᠶ ᠰᠠᠶᠢᠨ ᠶᠠᠪᠤᠳᠠᠯ ᠮᠥᠨ᠂ ᠨᠠᠰᠤᠲᠠᠶᠢᠴᠤᠳ ᠤᠨ ᠪᠣᠳᠠᠲᠠᠶ ᠬᠡᠷᠡᠭᠴᠡᠭᠡ ᠪᠠᠷ ᠵᠣᠷᠢᠯᠲᠠ ᠪᠣᠯᠭᠠᠵᠤ᠂ ᠬᠤᠭᠤᠯᠠ ᠲᠤᠰᠠᠯᠠᠬᠤ ᠦᠢᠯᠡᠴᠢᠯᠡᠭᠡ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠡᠵᠡᠩᠨᠡᠯᠲᠡ ᠶᠢᠨ ᠵᠠᠭᠪᠤᠷ᠂ ᠬᠠᠮᠢᠶᠠᠷᠤᠯᠲᠠ ᠶᠢᠨ ᠳᠦᠷᠢᠮ᠂ ᠦᠢᠯᠡᠴᠢᠯᠡᠭᠡᠨ ᠤ ᠪᠠᠷᠢᠮᠵᠢᠶ᠎ᠠ ᠵᠡᠷᠭᠡ ᠠᠭᠤᠯᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠵᠤ᠂ ᠦᠢᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠪᠣᠬᠢᠷᠲᠤᠯ ᠥᠬᠡᠶ᠂ ᠡᠷᠡᠭᠦᠯ᠂ ᠠᠮᠤᠷ ᠲᠦᠪᠰᠢᠨ ᠶᠡᠷᠦᠩᠬᠡᠶᠢᠯᠡᠭᠰᠡᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠢ ᠰᠠᠨᠠᠭ᠎ᠠ ᠠᠮᠤᠷ ᠢᠳᠡᠭᠦᠯᠵᠦ᠂ ᠰᠠᠨᠠᠭ᠎ᠠ ᠠᠮᠤᠷ ᠢᠳᠡᠭᠦᠯᠬᠦ ᠬᠡᠷᠡᠭᠲᠡᠶ᠃      ᠤᠯᠠᠭᠠᠨᠮᠧᠢ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠲᠥᠪ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ᠂ ᠰᠤᠪᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ᠂ ᠡᠮᠴᠢᠯᠡᠭᠡ ᠰᠤᠪᠢᠯᠠᠯᠲᠠ ᠶᠢ ᠭᠦᠨᠵᠡᠭᠡᠢ ᠠᠭᠤᠰᠤᠯᠴᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠺᠠᠶ ᠳ᠋ᠦᠩ ᠬᠡᠯᠡᠬᠦ ᠳᠡᠭᠡᠨ᠂ ᠨᠠᠰᠤᠵᠢᠯ ᠤᠨ ᠦᠢᠯᠡᠴᠢᠯᠡᠭᠡ ᠪᠣᠯ ᠥᠷᠭᠡᠨ ᠣᠯᠠᠨ ᠲᠦᠮᠡᠨ ᠤ ᠠᠷᠠᠳ ᠤᠨ ᠠᠮᠢᠳᠤᠷᠠᠯ ᠲᠠᠢ ᠬᠤᠯᠪᠣᠭᠳᠠᠬᠤ ᠶᠡᠭᠡ ᠶᠠᠪᠤᠳᠠᠯ ᠮᠥᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠮᠴᠢᠯᠡᠭᠡ ᠰᠤᠪᠢᠯᠠᠯᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠪᠠ ᠬᠠᠩᠭᠠᠯᠭ᠎ᠠ ᠶᠢ ᠴᠢᠩᠭᠠᠳᠬᠠᠵᠤ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠃ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠥᠷᠭᠡᠨ ᠬᠠᠮᠤᠷᠤᠭᠰᠠᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠨᠠᠰᠤᠲᠠᠶᠢᠴᠤᠳ ᠲᠤ ᠴᠢᠨᠠᠷ ᠰᠠᠶᠢᠲᠠᠶ᠂ ᠳᠥᠭᠦᠮ ᠳᠥᠲᠡ᠂ ᠥᠨᠳᠥᠷ ᠪᠦᠲᠦᠮᠵᠢᠲᠡᠶ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠨᠠᠰᠤᠲᠠᠶᠢᠴᠤᠳ ᠢ ︽ᠥᠲᠡᠯᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ︾ ᠪᠣᠯᠭᠠᠬᠤ ᠬᠡᠷᠡᠭᠲᠡᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3