8 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 9 ᠳ᠋ᠤᠭᠡᠷ | ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ᠂ ᠲᠠᠷᠢᠶᠠᠯᠠᠩ ᠤᠨ | ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠪᠠ | ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠷᠠᠯ ᠠᠴᠠ ᠪᠠᠰᠠ ᠪᠤᠰᠤᠳ | ᠵᠦᠢᠯᠡᠰ ᠢ ᠰᠤᠳᠤᠯᠵᠠᠢ᠃ | ᠬᠤᠷᠠᠯ ᠠᠴᠠ᠂ ᠨᠠᠮᠤᠷ ᠤᠨ ᠬᠤᠷᠢᠶᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠴᠠᠭ ᠠᠭᠤᠷ ᠤᠨ | ᠬᠤᠪᠢᠷᠠᠯᠲᠠ ᠶᠢ ᠴᠠᠭ ᠲᠤᠬᠠᠢ ᠳᠤᠨᠢ ᠠᠩᠬᠠᠷᠴᠤ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠬᠤᠷᠢᠶᠠᠬᠤ | ᠶᠣᠰᠣᠲᠠᠢ ᠶᠢ ᠨᠢ ᠪᠦᠬᠦᠨ ᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ ᠪᠠᠲᠤᠯᠠᠬᠤ | ᠬᠡᠷᠡᠭᠲᠡᠢ᠃ ᠲᠠᠷᠢᠮᠠᠯ ᠤᠨ ᠪᠣᠷᠣᠯᠠᠭᠤᠯᠭ᠎ᠠ ᠶᠢᠨ ᠵᠠᠮ ᠢ ᠢᠳᠡᠪᠬᠢᠲᠡᠶ ᠪᠠᠷ ᠥᠷᠭᠡᠳᠬᠡᠵᠦ᠂ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ | ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠭᠦᠩ ᠰᠢᠤ ᠯᠦᠩ᠂ ᠾᠧᠦ ᡁᠢ ᠶᠦᠩ ᠬᠤᠷᠠᠯ ᠳᠤ | ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |