ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠄ ᠣᠯᠠᠨ ᠲᠦᠮᠡᠨ ᠤ ︽ᠵᠣᠯ ᠵᠢᠷᠭᠠᠯᠲᠤ ᠤᠰᠤ︾ ᠭᠠᠩ ᠬᠠᠭᠰᠠᠷᠠᠭᠠᠨ ᠲᠠᠢ ᠲᠡᠮᠡᠴᠡᠵᠦ ᠣᠷᠣᠯᠭ᠎ᠠ ᠶᠢ ᠪᠠᠲᠤᠯᠠᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/8/14
     ︽ᠲᠣᠰᠬᠤᠨ ᠪᠦᠭᠭᠦᠭᠰᠡᠨ ᠤᠷᠤᠰᠬᠠᠯ ᠢ ᠰᠢᠨ᠎ᠡ ᠪᠠᠷ ᠪᠠᠶᠢᠭᠤᠯᠪᠠᠯ᠂ ᠪᠢᠳᠡ ᠤᠰᠤᠯᠠᠵᠤ ᠦᠢᠯᠡᠳᠪᠦᠷᠢᠯᠡᠯ ᠳᠤ ᠰᠠᠨᠠᠭ᠎ᠠ ᠵᠣᠪᠠᠭᠰᠠᠨ ᠤ ᠬᠡᠷᠡᠭ ᠦᠭᠡᠢ ᠶᠤᠮ︕︾ ᠣᠶᠢᠷ᠎ᠠ ᠳᠤ᠂ ᠳ᠋ᠢᠶᠠᠨ ᠽᠢ ᠪᠠᠯᠭᠠᠰᠤᠨ ᠤ ᠨᠠᠨ ᠸᠠᠨ ᠲᠣᠰᠬᠤᠨ ᠳᠤ᠂ ᠲᠣᠰᠬᠤᠨ ᠤ ᠠᠷᠠᠳ ᠤᠳᠠᠯ ᠦᠭᠡᠢ ᠪᠠᠶᠢᠭᠤᠯᠤᠭᠳᠠᠬᠤ ᠭᠡᠵᠦ ᠪᠠᠶᠢᠭ᠎ᠠ ᠹᠦ᠋ ᠶᠢᠨ ᠤᠷᠤᠰᠬᠠᠯ ᠤᠨ ᠢᠨᠵᠧᠨᠧᠷᠢᠩ ᠢ ᠦᠵᠡᠭᠡᠳ ᠪᠠᠶᠠᠷᠲᠠᠢ ᠪᠠᠷ ᠬᠡᠯᠡᠪᠡ᠃ ᠤᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠲᠠᠷᠢᠶᠠᠨ ᠭᠠᠵᠠᠷ ᠤᠨ ᠤᠰᠤᠯᠠᠯᠲᠠ ᠨᠢ ᠨᠡᠩ ᠴᠤ ᠠᠮᠤ ᠪᠤᠳᠠᠭᠠᠨ ᠤ ᠦᠢᠯᠡᠳᠪᠦᠷᠢᠯᠡᠯ ᠳᠤ ᠬᠤᠯᠪᠣᠭᠳᠠᠬᠤ ᠵᠠᠩᠭᠢᠯᠠᠭ᠎ᠠ ᠶᠢᠨ ᠶᠡᠭᠡ ᠶᠠᠪᠤᠳᠠᠯ ᠪᠣᠯᠤᠨ᠎ᠠ᠃ ᠵᠤᠨ ᠣᠷᠣᠭᠰᠠᠨ ᠠᠴᠠ ᠨᠠᠰᠢ᠂ ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤᠯᠠᠯᠲᠠ ᠶᠢ ᠪᠠᠲᠤᠯᠠᠬᠤ ᠶᠢ ᠣᠳᠣᠬᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠠᠷᠢᠶᠠᠨ ᠭᠠᠵᠠᠷ ᠢ ᠴᠠᠭ ᠲᠤᠬᠠᠶ ᠳᠤᠨᠢ ︽ᠤᠮᠳᠠᠭᠠᠶᠢᠯᠠᠵᠤ︾᠂ ᠠᠮᠤ ᠪᠤᠳᠠᠭᠠᠨ ᠤ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠪᠠ᠃      ᠡᠨᠡ ᠵᠢᠯ ᠤᠨ 7 ᠰᠠᠷ᠎ᠠ ᠳᠤ᠂ ᠳ᠋ᠢᠶᠠᠨ ᠽᠢ ᠪᠠᠯᠭᠠᠰᠤᠨ ᠤ ᠨᠠᠨ ᠸᠠᠨ ᠲᠣᠰᠬᠤᠨ ᠤ ᠠᠷᠠᠳ ᠲᠣᠰᠬᠤᠨ ᠤ ᠵᠥᠪᠯᠡᠯ ᠳᠤ ᠬᠡᠯᠡᠬᠦ ᠳᠡᠭᠡᠨ᠂ ᠣᠶᠢᠷ᠎ᠠ ᠳᠤ ᠪᠣᠷᠤᠭ᠎ᠠ ᠪᠠᠭ᠎ᠠ ᠪᠠᠶᠢᠵᠤ᠂ ᠴᠢᠬᠢ ᠨᠡᠶᠢᠳᠡᠮ ᠤᠰᠤ ᠳᠤᠲᠠᠭᠳᠠᠵᠤ᠂ ᠲᠣᠰᠬᠤᠨ ᠤ ᠠᠷᠠᠳ ᠲᠠᠷᠢᠶ᠎ᠠ ᠤᠰᠤᠯᠠᠬᠤ ᠳᠤ ᠮᠠᠰᠢ ᠳᠥᠭᠦᠮ ᠦᠭᠡᠢ ᠪᠠᠶᠢᠨ᠎ᠠ ᠭᠡᠵᠡᠶ᠃ ᠡᠨᠡ ᠬᠦ ᠪᠠᠶᠢᠳᠠᠯ ᠢ ᠮᠡᠳᠡᠭᠰᠡᠨ ᠤ ᠲᠠᠷᠠᠭ᠎ᠠ᠂ ᠨᠠᠨ ᠸᠠᠨ ᠲᠣᠰᠬᠤᠨ ᠤ ᠨᠠᠮ ᠤᠨ ᠡᠭᠦᠷ ᠤᠨ ᠱᠦᠵᠢ᠂ ᠨᠠᠮ ᠤᠨ ᠲᠥᠯᠥᠭᠡᠯᠡᠭᠴᠢ ᠸᠠᠩ ᠵᠢᠶᠠᠨ ᠭᠦᠸᠧ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠨ ᠸᠠᠨ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠵᠢᠴᠢ ᠲᠥᠯᠥᠭᠡᠯᠡᠭᠴᠢ ᠭᠡᠰᠢᠭᠦᠳ ᠢ ᠤᠯᠠᠨ ᠤᠳᠠᠭ᠎ᠠ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠠᠢ ᠳᠤ ᠬᠦᠷᠴᠦ ᠪᠣᠳᠠᠲᠠᠢ ᠪᠠᠶᠢᠳᠠᠯ ᠢ ᠣᠶᠢᠯᠠᠭᠠᠵᠤ᠂ ᠨᠠᠨ ᠸᠠᠨ ᠭᠤᠣᠯ ᠤᠨ ᠵᠠᠮ ᠤᠨ ᠤᠰᠤᠨ ᠤ ᠲᠠᠷᠬᠠᠯᠲᠠ ᠶᠢᠨ ᠪᠠᠶᠢᠳᠠᠯ ᠵᠢᠴᠢ ᠲᠠᠷᠢᠶᠠᠨ ᠭᠠᠵᠠᠷ ᠢ ᠤᠰᠤᠯᠠᠯᠲᠠ ᠶᠢᠨ ᠪᠠᠶᠢᠳᠠᠯ ᠢ ᠰᠤᠳᠤᠯᠤᠨ ᠮᠠᠭᠠᠳᠯᠠᠪᠠ᠃ ᠡᠴᠦᠰ ᠲᠡᠭᠡᠨ ᠲᠣᠰᠬᠤᠨ ᠤ ᠠᠷᠠᠳ ᠤᠨ ᠶᠡᠭᠡ ᠬᠤᠷᠠᠯ ᠢᠶᠠᠷ ᠶᠠᠷᠢᠯᠴᠠᠭᠤᠯᠤᠭᠰᠠᠨ ᠤ ᠳᠠᠷᠠᠭ᠎ᠠ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠳᠣᠲᠣᠷ᠎ᠠ ᠠᠴᠠ 16.5 ᠲᠦᠮᠡᠨ ᠲᠥᠭᠦᠷᠢᠭ ᠭᠠᠷᠭᠠᠵᠤ᠂ ᠳ᠋ᠠ ᠾᠧᠢ ᠭᠧᠦ ᠶᠢᠨ ᠤᠰᠤᠯᠠᠯᠲᠠ ᠶᠢᠨ ᠲᠠᠷᠢᠶᠠᠨ ᠭᠠᠵᠠᠷ ᠢ ᠪᠦᠭᠭᠦᠨ ᠤᠷᠤᠰᠬᠠᠬᠤ ᠢᠨᠵᠧᠨᠧᠷᠢᠩ ᠳᠤ ᠬᠡᠷᠡᠭᠯᠡᠬᠦ ᠪᠠᠷ ᠲᠣᠭᠲᠠᠪᠠ᠃      ᠲᠣᠰ ᠤᠳᠠᠭᠠᠨ ᠤ ᠪᠦᠭᠭᠦᠨ ᠤᠷᠤᠰᠬᠠᠯ ᠤᠨ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠥᠯᠥᠭᠡᠯᠡᠭᠴᠢ ᠭᠡᠰᠢᠭᠦᠳ ᠤᠷᠢᠳᠴᠢᠯᠠᠨ ᠲᠥᠯᠥᠪᠯᠡᠵᠦ᠂ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ᠂ ᠮᠠᠰᠢᠨ ᠲᠥᠬᠦᠭᠡᠷᠦᠮᠵᠢ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠵᠡᠷᠭᠡ ᠪᠠᠷᠢᠯᠭ᠎ᠠ ᠶᠢᠨ ᠲᠥᠰᠦᠯ ᠳᠤ ᠪᠥᠬᠦ ᠲᠠᠯ᠎ᠠ ᠶᠢᠨ ᠬᠢᠨᠠᠯᠲᠠ ᠲᠠᠯᠪᠢᠵᠤ᠂ ᠪᠠᠷᠢᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠣᠳᠣ ᠶᠢᠨ ᠨᠠᠨ ᠸᠠᠨ ᠲᠣᠰᠬᠤᠨ ᠤ ᠳ᠋ᠠ ᠾᠸᠢ ᠭᠧᠦ᠂ ᠮᠠᠯᠲᠠᠭᠤᠷ ᠮᠠᠰᠢᠨ᠂ ᠪᠠᠷᠠᠭ᠎ᠠ ᠵᠥᠭᠡᠭᠡᠪᠦᠷᠢᠯᠡᠬᠦ ᠮᠠᠰᠢᠨ ᠨᠠᠰᠢ ᠴᠠᠰᠢ ᠰᠦᠯᠵᠢᠯᠳᠦᠵᠦ᠂ ᠲᠡᠷᠭᠡᠨ ᠳᠠᠭᠤᠨ ᠬᠦᠩᠭᠢᠨᠡᠵᠦ᠂ ᠲᠥᠯᠥᠭᠡᠯᠡᠭᠴᠢ ᠭᠡᠰᠢᠭᠦᠨ ᠪᠣᠯᠤᠨ ᠤᠯᠠᠨ ᠲᠦᠮᠡᠨ ᠬᠤᠰᠤᠭᠤᠷ᠂ ᠠᠷᠴᠢᠭᠤᠷ ᠵᠡᠷᠭᠡ ᠪᠠᠭᠠᠵᠢ ᠬᠡᠷᠡᠭᠰᠡᠯ ᠢᠶᠠᠨ ᠠᠪᠴᠤ ᠬᠤᠭ ᠨᠣᠪᠰᠢ ᠳᠡᠪᠢᠰᠪᠡ ᠁ ᠪᠠᠷᠢᠯᠭ᠎ᠠ ᠶᠢᠨ ᠲᠤᠬᠠᠢ ᠶᠢᠨ ᠲᠠᠯᠠᠪᠠᠢ ᠭᠠᠯ ᠬᠠᠯᠠᠭᠤᠨ ᠪᠠᠶᠢᠯ᠎ᠠ᠃      ᠣᠳᠣᠬᠠᠨ ᠪᠣᠯᠲᠠᠯ᠎ᠠ᠂ ᠨᠠᠨ ᠸᠠᠨ ᠲᠣᠰᠬᠤᠨ ᠤ ᠳ᠋ᠠ ᠾᠧᠢ ᠭᠧᠦ ᠶᠢᠨ ᠪᠦᠭᠭᠦᠵᠦ ᠤᠷᠤᠰᠬᠠᠯ ᠤᠨ ᠲᠦᠷᠦᠯ ᠵᠦᠢᠯ ᠨᠢᠭᠡᠨᠲᠡ 470 ᠭᠠᠷᠤᠢ ᠮᠧᠳ᠋ᠷ ᠳᠠᠭᠤᠰᠴᠤ᠂ ᠲᠠᠷᠢᠶᠠᠨ ᠭᠠᠵᠠᠷ ᠤᠨ ᠪᠤᠯᠠᠬᠤ ᠬᠤᠭᠤᠯᠠᠢ ᠨᠢᠭᠡᠨᠲᠡ 900 ᠭᠠᠷᠤᠢ ᠮᠧᠳ᠋ᠷ ᠳᠡᠪᠢᠰᠴᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃ ︽ᠡᠨᠡ ᠬᠦ ᠢᠨᠵᠧᠨᠧᠷᠢᠩ ᠢ ᠪᠡᠶᠡᠯᠡᠭᠦᠯᠦᠭᠰᠡᠨ ᠤ ᠳᠠᠷᠠᠭ᠎ᠠ ᠲᠣᠰᠬᠤᠨ ᠤ ᠠᠷᠠᠳ ᠢ ᠬᠠᠪᠰᠤᠷᠤᠨ 320 ᠭᠠᠷᠤᠶ ᠮᠥ ᠲᠠᠷᠢᠶᠠᠨ ᠭᠠᠵᠠᠷ ᠤᠰᠤᠯᠠᠵᠤ᠂ ᠡᠷᠬᠢᠨ ᠲᠣᠭᠤᠷᠢᠨ ᠤ 136 ᠡᠷᠦᠬᠡ ᠶᠢᠨ 376 ᠬᠥᠮᠦᠨ ᠳᠤ ᠠᠰᠢᠭ ᠬᠦᠷᠲᠡᠭᠡᠵᠦ ᠪᠣᠯᠤᠨ᠎ᠠ᠃ ᠤᠳᠤ ᠪᠠᠰᠠ 900 ᠮᠧᠳ᠋ᠷ ᠤᠨ ᠭᠠᠵᠠᠷ ᠤᠨ ᠪᠤᠯᠠᠬᠤ ᠬᠤᠭᠤᠯᠠᠢ ᠶᠠᠭ ᠰᠠᠶᠢᠬᠠᠨ ᠳᠡᠪᠢᠰᠴᠦ ᠪᠠᠶᠢᠨ᠎ᠠ᠂ ᠠᠵᠢᠯ ᠳᠠᠭᠤᠰᠤᠭᠰᠠᠨ ᠤ ᠳᠠᠷᠠᠭ᠎ᠠ ᠨᠠᠨ ᠸᠠᠨ ᠲᠣᠰᠬᠤᠨ ᠤ ᠠᠷᠠᠳ ᠤᠨ ᠤᠰᠤᠯᠠᠯᠲᠠ ᠶᠢᠨ ᠬᠡᠷᠡᠭᠴᠡᠭᠡ ᠶᠢ ᠦᠨᠡᠨ ᠬᠦ ᠰᠢᠢᠳᠪᠦᠷᠢᠯᠡᠵᠦ ᠪᠠᠶᠢᠨ᠎ᠠ︾ ᠭᠡᠵᠦ ᠬᠡᠯᠡᠪᠡ᠃ ᠨᠠᠨ ᠸᠠᠨ ᠲᠣᠰᠬᠤᠨ ᠤ ᠨᠠᠮ ᠤᠨ ᠡᠭᠦᠷ ᠤᠨ ᠱᠦᠵᠢ ᠸᠠᠩ ᠵᠢᠶᠠᠨ ᠭᠦᠸᠧ ᠢᠲᠡᠭᠡᠯ ᠲᠡᠭᠦᠯᠳᠡᠷ ᠢᠶᠠᠷ ᠬᠡᠯᠡᠪᠡ᠃      ᠣᠯᠠᠨ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠤᠴᠢᠷ ᠪᠣᠯᠭᠠᠨ ᠳᠤ ᠬᠠᠷᠢᠭᠤ ᠥᠭᠬᠦ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠤᠰᠤᠯᠠᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠣᠯᠤᠨ᠎ᠠ᠃               ᠢᠷᠡᠯᠲᠡ᠄ ᠳ᠋ᠢᠶᠠᠨ ᠽᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3