ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
     8 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠬᠤᠷᠠᠯ ᠠᠴᠠ᠂ ᠨᠠᠮᠤᠷ ᠤᠨ ᠬᠤᠷᠢᠶᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠢ ᠳᠤᠨᠢ ᠠᠩᠬᠠᠷᠴᠤ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠲᠠᠷᠢᠮᠠᠯ ᠤᠨ ᠪᠣᠷᠣᠯᠠᠭᠤᠯᠭ᠎ᠠ ᠶᠢᠨ ᠵᠠᠮ ᠢ ᠢᠳᠡᠪᠬᠢᠲᠡᠶ ᠪᠠᠷ ᠥᠷᠭᠡᠳᠬᠡᠵᠦ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠭᠦᠩ ᠰᠢᠤ ᠯᠦᠩ᠂ ᠾᠧᠦ ᡁᠢ ᠶᠦᠩ ᠬᠤᠷᠠᠯ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3