ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠭᠡᠷᠡᠯ ᠭᠡᠭᠡ ᠶᠢᠨ ᠠᠶᠠᠯᠠᠯ︾ ᠤᠨ ᠴᠠᠭᠠᠨ ᠬᠠᠷᠠᠩ ᠢ ᠠᠷᠢᠯᠭᠠᠬᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/14
     8 ᠰᠠᠷ᠎ᠠ ᠶᠢᠨ 12 - 13 ᠤ ᠡᠳᠦᠷ᠂ ᠮᠠᠨ ᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠯᠠᠭᠠᠨᠴᠠᠪ ᠤᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠬᠠᠷᠠᠭ᠎ᠠ ᠣᠷᠣᠭᠤᠯᠬᠤ ᠠᠶᠠᠯᠠᠯ︾ ᠤᠨ ᠴᠠᠭᠠᠨ ᠬᠠᠷᠠᠩ ᠢ ᠬᠠᠷᠠᠭ᠎ᠠ ᠣᠷᠣᠭᠤᠯᠬᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠲᠠᠪᠤᠨ ᠪᠠᠲᠤᠯᠠᠭᠠᠲᠤ ᠡᠷᠦᠬᠡ ᠵᠡᠷᠭᠡ ᠣᠷᠣᠯᠭ᠎ᠠ ᠪᠠᠭᠠᠲᠠᠶ ᠬᠦᠴᠢᠷᠳᠡᠯᠲᠡᠶ ᠬᠡᠷ ᠪᠦᠯᠢ ᠶᠢᠨ ᠮᠡᠰᠡ ᠵᠠᠰᠠᠯ ᠤᠨ ᠨᠥᠬᠦᠴᠡᠯ ᠳᠤ ᠨᠡᠶᠢᠴᠡᠬᠦ ᠴᠠᠭᠠᠨ ᠬᠠᠷᠠᠩ ᠡᠪᠡᠳᠴᠢᠲᠡᠨ ᠳᠤ ᠰᠤᠶᠢᠳᠭᠡᠯ ᠬᠤᠷᠢᠶᠠᠬᠤ ᠥᠬᠡᠶ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠮᠠᠨ ᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ᠂ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ᠠᠴᠠ ᠪᠠᠶᠢᠴᠠᠭᠠᠬᠤ ᠪᠠᠷ ᠢᠷᠡᠭᠰᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠦᠰᠦᠨᠦᠭᠲᠦ ᠲᠠᠭᠯᠠᠵᠤ᠂ ᠳᠠᠩᠰᠠᠯᠠᠬᠤ ᠠᠵᠢᠯ ᠢ ᠰᠠᠶᠢᠲᠤᠷ ᠬᠢᠵᠦ᠂ ᠡᠮᠨᠡᠯᠭᠡ ᠶᠢᠨ ᠠᠵᠢᠯᠲᠠᠳ ᠲᠤᠰᠬᠠᠶ ᠮᠡᠷᠭᠡᠵᠢᠯ ᠤᠨ ᠬᠡᠮᠵᠢᠭᠦᠷᠯᠢᠭ ᠪᠠ ᠲᠥᠬᠦᠭᠡᠷᠦᠮᠵᠢ ᠪᠠᠷ ᠳᠠᠮᠵᠢᠭᠤᠯᠤᠨ ᠨᠠᠰᠤᠲᠠᠶᠢᠴᠤᠳ ᠨᠢᠭᠡᠪᠦᠷᠢ ᠶᠢ ᠨᠠᠷᠢᠨ ᠬᠢᠨᠠᠮᠠᠭᠠᠶ ᠰᠢᠭᠰᠢᠨ ᠪᠠᠶᠢᠴᠠᠭᠠᠬᠤ ᠶᠢᠨ ᠬᠠᠮᠲᠤ ᠨᠠᠰᠤᠲᠠᠶᠢᠴᠤᠳ ᠤᠨ ᠳᠤᠷᠠᠳᠤᠭᠰᠠᠨ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠪᠠᠰᠠ ᠴᠠᠭᠠᠨ ᠬᠠᠷᠠᠩ ᠤᠨ ᠤᠬᠠᠭᠳᠠᠬᠤᠨ᠂ ᠡᠪᠡᠳᠴᠢᠨ ᠤ ᠰᠢᠯᠲᠠᠭᠠᠨ᠂ ᠡᠪᠡᠳᠴᠢᠨ ᠤ ᠰᠢᠨᠵᠢ ᠪᠠᠶᠢᠳᠠᠯ ᠤᠨ ᠢᠯᠡᠷᠡᠯ᠂ ᠡᠮᠨᠡᠨ ᠵᠠᠰᠠᠬᠤ ᠠᠷᠭ᠎ᠠ᠂ ᠤᠷᠢᠳᠴᠢᠯᠠᠨ ᠰᠡᠷᠭᠡᠶᠢᠯᠡᠬᠦ ᠮᠡᠳᠡᠯᠭᠡ ᠵᠡᠷᠭᠡ ᠳᠤ ᠴᠢᠭᠯᠡᠭᠦᠯᠦᠨ ᠨᠠᠷᠢᠨ ᠲᠠᠶᠢᠯᠪᠤᠷᠢᠯᠠᠯᠲᠠ ᠬᠢᠵᠡᠶ᠃ ᠪᠠᠶᠢᠴᠠᠭᠠᠯᠲᠠ ᠬᠢᠬᠦ ᠶᠢᠨ ᠬᠠᠮᠲᠤ᠂ ᠡᠮᠴᠢ ᠰᠤᠪᠢᠯᠠᠭᠴᠢᠳ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠨᠢᠳᠦᠨ ᠤ ᠡᠪᠡᠳᠴᠢᠨ᠂ ᠬᠥᠭᠰᠢᠨ ᠨᠢᠳᠦᠨ ᠤ ᠨᠢᠳᠦ ᠶᠢ ᠬᠡᠷᠬᠢᠨ ᠰᠡᠷᠭᠡᠶᠢᠯᠡᠬᠦ ᠵᠡᠷᠭᠡ ᠨᠢᠳᠦᠨ ᠤ ᠰᠠᠯᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠡᠪᠡᠳᠴᠢᠨ ᠦᠵᠡᠭᠦᠯᠬᠦ ᠰᠠᠨᠠᠯ ᠢᠶᠠᠨ ᠳᠤᠷᠠᠳᠤᠭᠰᠠᠨ ᠪᠠᠶᠢᠨ᠎ᠠ᠃
     ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠨᠢ ᠴᠠᠭᠠᠨ ᠬᠠᠷᠠᠩ ᠡᠪᠡᠳᠴᠢᠳᠡᠨ ᠳᠤ ᠭᠡᠭᠡᠨ ᠰᠠᠷᠠᠭᠤᠯ ᠪᠠ ᠬᠦᠰᠡᠯ ᠡᠷᠡᠮᠡᠯᠵᠡᠯ ᠠᠪᠴᠢᠷᠠᠭᠰᠠᠨ ᠢᠶᠠᠷ ᠪᠠᠷᠠᠬᠤ ᠦᠭᠡᠢ᠂ ᠣᠷᠣᠯᠭ᠎ᠠ ᠪᠠᠭᠠᠳᠠᠢ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠥᠩᠭᠡᠯᠡᠬᠦ ᠶᠢᠨ ᠬᠠᠮᠲᠤ ᠪᠠᠰᠠ ᠨᠢᠳᠦᠨ ᠤ ᠰᠠᠯᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠡᠢ᠃ ᠣᠳᠣᠬᠠᠨ ᠪᠣᠯᠲᠠᠯ᠎ᠠ᠂ ᠮᠠᠨ ᠤ ᠰᠢᠶᠠᠨ ᠨᠡᠶᠢᠲᠡ 44 ᠴᠠᠭᠠᠨ ᠬᠠᠷᠠᠩ ᠢ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠵᠢᠯ ᠤᠨ ᠡᠭᠦᠷᠭᠡ ᠶᠢᠨ 122% ᠢ ᠪᠡᠶᠡᠯᠡᠭᠦᠯᠪᠡ᠃ ︽ᠬᠠᠷᠠᠭ᠎ᠠ ᠰᠡᠷᠭᠦᠭᠡᠬᠦ ᠠᠶᠠᠯᠠᠯ︾ ᠤᠨ ᠲᠥᠷᠥᠯ ᠵᠦᠢᠯ ᠢ ᠥᠷᠨᠢᠭᠦᠯᠦᠭᠰᠡᠨ ᠨᠢ ᠬᠦᠴᠢᠷᠳᠡᠯᠲᠡᠶ ᠬᠡᠷ ᠪᠦᠯᠢ ᠶᠢᠨ ᠨᠢᠳᠦᠨ ᠤ ᠡᠪᠡᠳᠴᠢᠨ ᠳᠤ ᠨᠡᠷᠪᠡᠭᠳᠡᠭᠰᠡᠳ ᠲᠤ ᠴᠠᠭ ᠲᠤᠬᠠᠶ ᠳᠤᠨᠢ ᠪᠦᠲᠦᠮᠵᠢᠲᠡᠶ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠡᠵᠦ᠂ ᠡᠷᠡᠭᠦᠯ ᠮᠡᠨᠳᠦ ᠪᠠ ᠨᠡᠷ᠎ᠡ ᠬᠦᠨᠳᠦ ᠶᠢ ᠡᠳ᠋ᠯᠡᠭᠦᠯᠵᠦ᠂ ︽ᠨᠢᠭᠡ ᠬᠥᠮᠦᠨ ᠢ ᠳᠠᠬᠢᠨ ᠲᠤᠩᠭᠠᠵᠤ᠂ ᠨᠢᠭᠡ ᠬᠡᠷ ᠢ ᠵᠣᠯ ᠵᠢᠷᠭᠠᠯ ᠲᠠᠢ᠂ ᠨᠢᠭᠡ ᠭᠠᠵᠠᠷ ᠲᠤ ᠪᠤᠶᠠᠨ ᠦᠢᠯᠡᠳᠬᠦ︾ ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠶᠢ ᠤᠯᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3