ᠰᠢᠩ ᠾᠧ ᠰᠢᠶᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/8/15
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠢᠷᠠᠭᠤ ᠠᠯᠳᠠᠷ ᠢᠴᠢᠭᠦᠷᠢ ᠭᠤᠲᠤᠮᠰᠢᠭ ᠢ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠬᠦᠳᠦᠯᠦᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 26᠎ ᠤ ᠡᠳᠦᠷ᠂ ᠰᠢᠩ ᠾᠧ ᠰᠢᠶᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ᠃
     ᠡᠷᠳᠡᠨᠢ ᠪᠠᠯᠭᠠᠰᠤ ᠪᠣᠯᠤᠨ ᠳ᠋ᠠ ᠲᠦᠩ ᠶᠣᠣ ᠰᠢᠶᠠᠩ ᠳᠤ᠂ ᠠᠵᠢᠯᠲᠠᠳ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠥᠷᠲᠡᠭᠡ ᠵᠢᠴᠢ ᠸᠢᠴᠠᠲ ᠤᠨ ᠨᠡᠶᠢᠲᠡ ᠶᠢᠨ ᠳ᠋ᠤᠭᠠᠷ ᠤᠨ ᠵᠠᠷᠯᠠᠯ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠬᠠᠭᠤᠯᠵᠤ᠂ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠳᠡᠭᠡᠭᠰᠢᠯᠡᠭᠦᠯᠪᠡ᠃
     ᠬᠦᠳᠡᠯᠭᠡᠭᠡᠨ ᠤ ᠳᠤᠮᠳᠠ᠂ ᠣᠯᠠᠨ ᠢᠶᠠᠷ ᠢᠶᠠᠨ ᠣᠯᠠᠨ ᠨᠡᠶᠢᠲᠡ ᠶᠢᠨ ᠨᠣᠮᠧᠷ ᠢ ᠢᠳᠡᠪᠬᠢᠲᠡᠶ ᠠᠩᠬᠠᠷᠴᠤ᠂ ᠴᠢᠳᠠᠮᠵᠢ ᠶᠢ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠰᠤᠷᠤᠯᠴᠠᠪᠠ᠃ ᠲᠣᠰ ᠤᠳᠠᠭᠠᠨ ᠤ ᠬᠦᠳᠡᠯᠭᠡᠭᠡᠨ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠴᠢᠩᠭᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠲᠤᠰ ᠤᠳᠠᠭᠠᠨ ᠤ ᠬᠦᠳᠡᠯᠭᠡᠭᠡᠨ ᠳᠤ ᠮᠣᠩᠭᠤᠯ ᠬᠡᠯᠡᠨ ᠤ ᠰᠦᠯᠵᠢᠶᠡᠨ ᠥᠷᠲᠡᠭᠡ ᠵᠢᠴᠢ ᠣᠯᠠᠨ ᠨᠡᠶᠢᠲᠡ ᠶᠢᠨ ᠳ᠋ᠤᠭᠠᠷ ᠤᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 60 ᠭᠠᠷᠤᠶ ᠬᠤᠪᠢ ᠲᠠᠷᠬᠠᠭᠠᠵᠤ᠂ ᠮᠣᠩᠭᠤᠯ ᠬᠡᠯᠡᠨ ᠤ ᠰᠦᠯᠵᠢᠶᠡᠨ ᠥᠷᠲᠡᠭᠡ ᠵᠢᠴᠢ ᠣᠯᠠᠨ ᠨᠡᠶᠢᠲᠡ ᠶᠢᠨ ᠳ᠋ᠤᠭᠠᠷ ᠰᠢᠨ᠎ᠡ ᠪᠠᠷ ᠨᠡᠮᠡᠭᠳᠡᠭᠰᠡᠨ‌ᠠᠩᠬᠠᠷᠤᠯ 30 ᠭᠠᠷᠤᠶ ᠬᠥᠮᠦᠨ ᠤᠳᠠᠭ᠎ᠠ ᠨᠡᠮᠡᠭᠳᠡᠪᠡ᠃                          ᠵᠤᠬᠢᠶᠠᠭᠴᠢ᠄ ᠮᠥᠩᠭᠦᠨᠰᠤᠶᠢᠬᠡ                                          ᠤᠷᠴᠢᠭᠤᠯᠤᠭᠴᠢ᠄ ᠮᠥᠩᠭᠦᠨᠰᠤᠶᠢᠬᠡ                          ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3