ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/15
     8 ᠰᠠᠷ᠎ᠠ ᠶᠢᠨ 12᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠨᠢᠭᠡᠨᠲᠡ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾᠎ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ ᠢ ᠰᠤᠯᠠᠷᠠᠭᠤᠯᠵᠤ ᠪᠣᠯᠬᠤ ᠥᠬᠡᠶ᠃ ᠡᠯ᠎ᠡ ᠰᠢᠶᠠᠩ ᠪᠠᠯᠭᠠᠰᠤ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠰᠤᠨ ᠵᠠᠮ᠂ ᠠᠶᠤᠯ ᠲᠦᠭᠰᠢᠭᠦᠷᠢ ᠲᠠᠢ ᠠᠶᠢᠯ ᠲᠣᠰᠬᠤᠨ᠂ ᠠᠭᠤᠯᠠᠷᠬᠠᠭ ᠣᠷᠣᠨ ᠤ ᠵᠠᠮ ᠵᠡᠷᠭᠡ ᠠᠶᠤᠯ ᠲᠦᠭᠰᠢᠭᠦᠷᠢ ᠶᠡᠬᠡᠲᠡᠶ ᠭᠠᠵᠠᠷ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠵᠢᠵᠢᠭᠦᠷᠯᠡᠭᠦᠯᠵᠦ᠂ ᠵᠢᠵᠢᠭᠦᠷᠯᠡᠬᠦ ᠬᠥᠮᠦᠰ ᠬᠢᠭᠡᠳ ᠵᠢᠵᠢᠭᠦᠷ ᠳᠠᠭᠠᠭᠤᠯᠬᠤ ᠤᠳᠤᠷᠢᠳᠤᠯᠭ᠎ᠠ ᠴᠠᠭ ᠲᠤᠬᠠᠶ ᠳᠤᠨᠢ ᠠᠵᠢᠯ ᠤᠨ ᠪᠠᠶᠢᠷᠢ ᠳᠤ ᠪᠠᠶᠢᠬᠤ ᠬᠡᠷᠡᠭᠲᠡᠶ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ᠥᠪᠡᠷ ᠢ ᠪᠠᠨ ᠠᠪᠤᠷᠠᠬᠤ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠤᠯᠳᠠᠯᠭ᠎ᠠ ᠲᠠᠢ ᠬᠥᠮᠦᠰ ᠬᠢᠭᠡᠳ ᠭᠤᠤᠯᠳᠠᠯᠭ᠎ᠠ ᠲᠠᠢ ᠵᠠᠮ ᠤᠨ ᠬᠡᠰᠡᠭ ᠲᠤ ᠠᠩᠬᠠᠷᠴᠤ᠂ ᠪᠠᠴᠢᠮ ᠰᠢᠯᠵᠢᠭᠦᠯᠬᠦ ᠵᠠᠮ ᠱᠤᠭᠤᠮ᠂ ᠲᠥᠪᠬᠢᠨᠡᠭᠦᠯᠬᠦ ᠭᠠᠵᠠᠷ ᠬᠢᠭᠡᠳ ᠠᠵᠢᠯᠲᠠᠨ ᠤ ᠲᠣᠬᠢᠷᠠᠭᠤᠯᠤᠯᠲᠠ ᠶᠢ ᠲᠣᠳᠣᠷᠬᠠᠶᠢᠯᠠᠨ᠂ ᠠᠷᠠᠳ ᠣᠯᠠᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠨᠠᠮᠤᠷ ᠤᠨ ᠬᠤᠷᠢᠶᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠢ ᠳᠤᠨᠢ ᠠᠩᠬᠠᠷᠴᠤ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠲᠠᠷᠢᠮᠠᠯ ᠤᠨ ᠪᠣᠷᠣᠯᠠᠭᠤᠯᠭ᠎ᠠ ᠶᠢᠨ ᠵᠠᠮ ᠢ ᠢᠳᠡᠪᠬᠢᠲᠡᠶ ᠪᠠᠷ ᠥᠷᠭᠡᠳᠬᠡᠵᠦ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠭᠦᠩ ᠰᠢᠤ ᠯᠦᠩ᠂ ᠾᠧᠦ ᡁᠢ ᠶᠦᠩ ᠬᠤᠷᠠᠯ ᠳᠤ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3