8 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 9 ᠳ᠋ᠤᠭᠡᠷ | ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ᠂ ᠲᠠᠷᠢᠶᠠᠯᠠᠩ ᠤᠨ | ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠪᠠ | ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠷᠠᠯ ᠠᠴᠠ ᠪᠠᠰᠠ ᠪᠤᠰᠤᠳ | ᠵᠦᠢᠯᠡᠰ ᠢ ᠰᠤᠳᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠨᠢᠭᠡᠨᠲᠡ ︽ᠲᠤᠯᠤᠭᠠᠨ ᠰᠠᠷ᠎ᠠ ᠶᠢᠨ ᠰᠡᠭᠦᠯᠴᠢ | ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠦᠶᠡᠷ ᠢ | ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ ᠢ ᠰᠤᠯᠠᠷᠠᠭᠤᠯᠵᠤ ᠪᠣᠯᠬᠤ ᠥᠬᠡᠶ᠃ ᠡᠯ᠎ᠡ ᠰᠢᠶᠠᠩ ᠪᠠᠯᠭᠠᠰᠤ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠰᠤᠨ ᠵᠠᠮ᠂ ᠠᠶᠤᠯ ᠲᠦᠭᠰᠢᠭᠦᠷᠢ ᠲᠠᠢ ᠠᠶᠢᠯ ᠲᠣᠰᠬᠤᠨ᠂ | ᠠᠭᠤᠯᠠᠷᠬᠠᠭ ᠣᠷᠣᠨ ᠤ ᠵᠠᠮ ᠵᠡᠷᠭᠡ ᠠᠶᠤᠯ ᠲᠦᠭᠰᠢᠭᠦᠷᠢ ᠶᠡᠬᠡᠲᠡᠶ ᠭᠠᠵᠠᠷ ᠤᠨ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠵᠢᠵᠢᠭᠦᠷᠯᠡᠭᠦᠯᠵᠦ᠂ ᠵᠢᠵᠢᠭᠦᠷᠯᠡᠬᠦ ᠬᠥᠮᠦᠰ ᠬᠢᠭᠡᠳ | ᠵᠢᠵᠢᠭᠦᠷ ᠳᠠᠭᠠᠭᠤᠯᠬᠤ ᠤᠳᠤᠷᠢᠳᠤᠯᠭ᠎ᠠ ᠴᠠᠭ ᠲᠤᠬᠠᠶ ᠳᠤᠨᠢ ᠠᠵᠢᠯ ᠤᠨ ᠪᠠᠶᠢᠷᠢ ᠳᠤ ᠪᠠᠶᠢᠬᠤ ᠬᠡᠷᠡᠭᠲᠡᠶ᠃ ᠦᠶᠡᠷ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ᠥᠪᠡᠷ ᠢ ᠪᠠᠨ | ᠠᠪᠤᠷᠠᠬᠤ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠤᠯᠳᠠᠯᠭ᠎ᠠ ᠲᠠᠢ ᠬᠥᠮᠦᠰ ᠬᠢᠭᠡᠳ | ᠭᠤᠤᠯᠳᠠᠯᠭ᠎ᠠ ᠲᠠᠢ ᠵᠠᠮ ᠤᠨ ᠬᠡᠰᠡᠭ ᠲᠤ ᠠᠩᠬᠠᠷᠴᠤ᠂ ᠪᠠᠴᠢᠮ ᠰᠢᠯᠵᠢᠭᠦᠯᠬᠦ ᠵᠠᠮ ᠱᠤᠭᠤᠮ᠂ ᠲᠥᠪᠬᠢᠨᠡᠭᠦᠯᠬᠦ ᠭᠠᠵᠠᠷ | ᠬᠢᠭᠡᠳ ᠠᠵᠢᠯᠲᠠᠨ ᠤ ᠲᠣᠬᠢᠷᠠᠭᠤᠯᠤᠯᠲᠠ ᠶᠢ ᠲᠣᠳᠣᠷᠬᠠᠶᠢᠯᠠᠨ᠂ ᠠᠷᠠᠳ ᠣᠯᠠᠨ ᠤ ᠠᠮᠢ ᠨᠠᠰᠤ ᠪᠣᠯᠤᠨ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠬᠤᠷᠠᠯ ᠠᠴᠠ᠂ ᠨᠠᠮᠤᠷ ᠤᠨ ᠬᠤᠷᠢᠶᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠴᠠᠭ ᠠᠭᠤᠷ ᠤᠨ | ᠬᠤᠪᠢᠷᠠᠯᠲᠠ ᠶᠢ ᠴᠠᠭ ᠲᠤᠬᠠᠢ ᠳᠤᠨᠢ ᠠᠩᠬᠠᠷᠴᠤ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠬᠤᠷᠢᠶᠠᠬᠤ | ᠶᠣᠰᠣᠲᠠᠢ ᠶᠢ ᠨᠢ ᠪᠦᠬᠦᠨ ᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ ᠪᠠᠲᠤᠯᠠᠬᠤ | ᠬᠡᠷᠡᠭᠲᠡᠢ᠃ ᠲᠠᠷᠢᠮᠠᠯ ᠤᠨ ᠪᠣᠷᠣᠯᠠᠭᠤᠯᠭ᠎ᠠ ᠶᠢᠨ ᠵᠠᠮ ᠢ ᠢᠳᠡᠪᠬᠢᠲᠡᠶ ᠪᠠᠷ ᠥᠷᠭᠡᠳᠬᠡᠵᠦ᠂ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ | ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠭᠦᠩ ᠰᠢᠤ ᠯᠦᠩ᠂ ᠾᠧᠦ ᡁᠢ ᠶᠦᠩ ᠬᠤᠷᠠᠯ ᠳᠤ | ᠣᠷᠣᠯᠴᠠᠪᠠ᠃ | | | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | | | | |