8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠰᠠᠨ ᠮᠧᠶ ᠪᠣᠬᠢᠷᠲᠤᠯ ᠥᠬᠡᠶ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ | ᠂ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ | ᠃ | ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠯᠢ ᠺᠠᠢ ᠳ᠋ᠦᠩ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠪᠣᠳᠠᠲᠠᠢ | ᠰᠢᠢᠳᠪᠦᠷᠢᠯᠡᠬᠦ ᠰᠠᠨᠠᠯ ᠳᠤᠷᠠᠳᠴᠠᠢ᠃ | ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠶᠢᠯᠡᠴᠢᠯᠡᠭᠡᠨ ᠤ | ᠪᠠᠲᠤᠯᠠᠭ᠎ᠠ ᠪᠠᠨ ᠴᠢᠩᠭᠠᠳᠬᠠᠵᠤ᠂ ᠲᠥᠷᠥᠯ ᠵᠦᠶ᠋ᠯ ᠢ ᠨᠠᠶᠢᠳᠠᠪᠤᠷᠢᠵᠢᠭᠤᠯᠬᠤ ᠳᠤ ᠪᠥᠬᠦ ᠶᠠᠪᠤᠴᠠ ᠶᠢᠨ | ᠤᠶᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠡᠯ᠎ᠡ ᠵᠤᠶᠢᠯ ᠤᠨ ᠬᠦᠴᠢᠷᠳᠡᠯ ᠪᠠ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠮᠠᠭᠠᠳᠯᠠᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ | ᠠᠭᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠯᠢ ᠺᠠᠶ ᠳ᠋ᠦᠩ ᠴᠢᠬᠤᠯᠠᠴᠢᠯᠠᠭᠰᠠᠨ ᠨᠢ᠂ ᠪᠠᠶᠢᠭᠤᠯᠵᠤ ᠪᠠᠶᠢᠭ᠎ᠠ ᠲᠥᠷᠥᠯ ᠵᠤᠶᠢᠯ ᠨᠢ ᠪᠥᠲᠥᠭᠡᠨ | ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ | ᠪᠠᠷᠢᠯᠭ᠎ᠠ ᠶᠢᠨ ᠲᠥᠰᠦᠯ ᠢᠶᠠᠨ ᠰᠢᠯᠢᠳᠡᠭᠵᠢᠭᠦᠯᠦᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ | ᠠᠩᠬᠠᠷᠴᠤ᠂ ᠲᠥᠷᠥᠯ ᠵᠤᠶᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠨᠠᠷᠢᠨ ᠵᠦᠢᠯᠡᠰ ᠤᠨ ᠠᠰᠠᠭᠤᠳᠠᠯ ᠢ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠲᠥᠬᠦᠭᠡᠷᠦᠮᠵᠢ᠂ ᠠᠵᠢᠯᠳᠠᠨ ᠵᠡᠷᠭᠡ ᠲᠠᠯ᠎ᠠ ᠶᠢᠨ ᠠᠮᠤᠷ | ᠲᠦᠪᠰᠢᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |