8 ᠰᠠᠷ᠎ᠠ ᠶᠢᠨ 16 ᠤ ᠡᠳᠦᠷ᠂ ᠰᠢᠩ ᠡᡁᠧ ᠰᠢᠶᠠᠨ ᠤ 2024 ᠣᠨ ᠤ ᠵᠣᠨ ᠤ ᠰᠣᠶᠣᠯ ᠵᠢᠭᠤᠯᠴᠢᠯᠠᠯ ᠤᠨ | ᠨᠠᠶᠢᠷ ᠵᠢᠴᠢ ᠰᠢᠩ ᠾᠧ ᠭᠤᠣᠯ ᠤᠨ ᠷᠢᠳᠢ ᠰᠢᠳᠢ ᠲᠠᠢ ᠰᠥᠨᠢ ᠶᠢᠨ ᠵᠤᠭᠠᠴᠠᠯ ᠰᠢᠩ ᠶᠦᠩ ᠨᠡᠭᠦᠷᠡᠰᠦᠲᠥ᠋ᠷᠥᠭᠴᠢ ᠶᠢᠨ | ᠡᠳ᠋ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠰ ᠤᠳᠠᠭᠠᠨ ᠤ | ᠵᠢᠭᠤᠯᠴᠢᠯᠠᠯ ᠤᠨ ᠨᠠᠶᠢᠷ ᠨᠢ ᠳᠠᠭᠤᠤ ᠬᠥᠭᠵᠢᠮ᠂ ᠰᠣᠶᠣᠯ ᠵᠡᠷᠭᠡ ᠡᠯᠧᠮᠧᠨ᠋ᠲ ᠪᠣᠯᠤᠨ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ ᠢᠶᠠᠷ ᠳᠠᠮᠵᠢᠭᠤᠯᠤᠨ᠂ ᠰᠢᠩ ᠾᠧ ᠰᠢᠶᠠᠨ ᠤ ᠰᠣᠶᠣᠯ ᠬᠢᠭᠡᠳ ᠵᠢᠭᠤᠯᠴᠢᠯᠠᠯ ᠤᠨ ᠠᠵᠤ ᠦᠢᠯᠡᠰ ᠤᠨ | ᠬᠠᠮᠲᠤ ᠶᠢᠨ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠨ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠵᠦ᠂ ᠰᠢᠩ ᠾᠧ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | | | ᠰᠢᠩ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠵᠣᠨ ᠤ ᠰᠣᠶᠤᠯ ᠵᠤᠭᠠᠴᠠᠯ ᠤᠨ ᠨᠠᠶᠢᠷ ᠤᠨ ᠡᠬᠢᠯᠡᠯᠲᠡ ᠶᠢᠨ | ᠶᠣᠰᠣᠯᠠᠯ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠡᠬᠢᠯᠡᠯᠲᠡ ᠶᠢᠨ ᠪᠥᠵᠢᠭ ︽ᠡᠬᠡ ᠭᠠᠵᠠᠷ ᠢ ᠪᠠᠶᠠᠷ ᠪᠠᠶᠠᠰᠬᠤᠯᠠᠩ ᠲᠠᠢ | ᠮᠠᠨᠳᠤᠭᠤᠯᠬᠤ︾ ᠳᠤᠮᠳᠠ ᠬᠥᠰᠢᠭᠡ ᠪᠠᠨ ᠰᠡᠬᠦᠪᠡ᠃ ᠼᠢᠷᠺ ᠤᠨ ︽ᠰᠧᠴᠤᠸᠠᠨ ᠤ ᠵᠦᠴᠦᠭᠡ ᠶᠢᠨ ᠴᠢᠷᠠᠶ︾᠂ ᠰᠠᠶᠢᠬᠠᠨ | ᠨᠤᠲᠤᠭ᠂ ᠬᠤᠭᠤᠷ ᠤᠨ ᠬᠥᠭᠵᠢᠮ᠂ ᠬᠤᠭᠤᠷ ᠤᠨ ᠬᠥᠭᠵᠢᠮ ᠵᠡᠷᠭᠡ ᠲᠣᠭᠯᠠᠯᠲᠠ ᠴᠤ ᠲᠣᠭᠯᠠᠯᠲᠠ ᠪᠠᠷ ᠦᠵᠡᠭᠴᠢᠳ ᠲᠤ | ᠨᠢᠭᠡᠨ ᠤᠳᠠᠭᠠᠨ ᠤ ᠰᠡᠷᠡᠯ ᠤᠨ ᠤᠷᠮ᠎ᠠ ᠪᠠᠬ᠎ᠠ ᠪᠠᠨ ᠰᠡᠷᠭᠦᠭᠡᠵᠡᠶ᠃ | | | 7 ᠰᠠᠷ᠎ᠠ ᠶᠢᠨ 28 ᠤ ᠡᠳᠦᠷ ᠠᠴᠠ ᠡᠬᠢᠯᠡᠨ᠂ ᠵᠣᠨ ᠤ ᠵᠢᠭᠤᠯᠴᠢᠯᠠᠯ ᠤᠨ ᠨᠠᠶᠢᠷ ᠲᠤ ᠨᠡᠶᠢᠲᠡ 400 ᠭᠠᠷᠤᠶ | ᠳᠡᠯᠭᠡᠭᠦᠷ ᠭᠠᠷᠭᠠᠵᠤ᠂ ᠣᠲᠣ ᠪᠣᠯᠲᠠᠯ᠎ᠠ᠂ ᠨᠡᠶᠢᠲᠡ 20 ᠭᠠᠷᠤᠶ ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ | ᠠᠪᠴᠤ᠂ ᠵᠣᠨ ᠤ ᠪᠠᠶᠠᠷ ᠢ ᠤᠰᠠᠳᠬᠠᠬᠤ ᠬᠡᠯᠪᠡᠷᠢ ᠪᠠᠷ ᠰᠢᠩ ᠾᠧ ᠰᠢᠶᠠᠨ ᠤ ᠭᠠᠵᠠᠷ ᠣᠷᠣᠨ ᠤ ᠲᠡᠤᠬᠡ ᠰᠣᠶᠣᠯ᠂ ᠵᠠᠩ | ᠵᠠᠩᠰᠢᠯ ᠪᠠ ᠤᠨᠴᠠᠯᠢᠬᠳᠤ ᠪᠦᠲᠦᠭᠡᠭᠳᠡᠬᠦᠨ ᠢ ᠳᠡᠯᠭᠡᠨ ᠦᠵᠡᠭᠦᠯᠪᠡ᠃ ᠡᠭᠦᠨ ᠤ ᠬᠠᠮᠲᠤ᠂ ᠠᠵᠢᠯᠯᠠᠭ᠎ᠠ ᠨᠢ ᠪᠠᠰᠠ ᠠᠮᠲᠠᠲᠤ | ᠢᠳᠡᠭᠡᠨ᠂ ᠳ᠋ᠧᠩ ᠤᠨ ᠬᠡᠷᠡᠯ ᠦᠵᠡᠭᠦᠯᠭᠡ᠂ ᠣᠷᠣᠨ ᠨᠤᠲᠤᠭ ᠤᠨ ᠤᠯᠠᠮᠵᠢᠯᠠᠯᠲᠤ ᠰᠣᠶᠣᠯ᠂ ᠣᠳᠣᠨ ᠳᠠᠭᠤᠤ | ᠬᠥᠭᠵᠢᠮ ᠤᠨ ᠨᠠᠶᠢᠷ᠂ ᠰᠦᠯᠵᠢᠶᠡᠨ ᠤ ᠤᠳᠤᠨ ᠤ ᠰᠢᠭᠤᠳ ᠨᠡᠪᠲᠡᠷᠡᠭᠦᠯᠭᠡ ᠵᠡᠷᠭᠡ ᠠᠭᠤᠯᠭ᠎ᠠ ᠪᠠᠷ ᠳᠠᠮᠵᠢᠭᠤᠯᠤᠨ᠂ ᠨᠠᠩ | ᠣᠯᠠᠨ ᠵᠢᠭᠤᠯᠴᠢᠯᠠᠭᠴᠢᠳ ᠲᠤ ᠡᠨᠡ ᠬᠦ ᠶᠠᠪᠤᠴᠠ ᠳᠤ ᠬᠥᠭᠵᠢᠯ ᠮᠠᠨᠳᠤᠯ ᠢ ᠣᠶᠢᠯᠠᠭᠠᠭᠤᠯᠵᠤ᠂ ᠰᠢᠩ ᠾᠧ ᠳᠤ | ᠣᠷᠣᠭᠤᠯᠤᠨ᠂ ᠪᠠᠯᠠ ᠣᠷᠣᠭᠤᠯᠤᠯᠲᠠ ᠶᠢᠨ ᠬᠥᠭᠵᠢᠯ ᠮᠠᠨᠳᠤᠯ ᠢ ᠣᠯᠭᠤᠵᠤ᠂ ᠨᠠᠩ ᠣᠯᠠᠨ ᠮᠡᠳᠡᠭᠡ ᠵᠠᠩᠭᠢ᠂ ᠰᠣᠶᠣᠯ᠂ | ᠵᠢᠭᠤᠯᠴᠢᠯᠠᠯ ᠤᠨ ᠡᠬᠢ ᠪᠠᠶᠠᠯᠢᠭ ᠢ ᠠᠵᠢᠯᠯᠠᠭ᠎ᠠ ᠶᠢᠨ ᠳᠤᠮᠳᠠ ᠤᠯᠠᠮᠵᠢᠯᠠᠨ ᠰᠣᠯᠢᠯᠴᠠᠭᠤᠯᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |