ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/8/20
     ᠥᠪᠡᠷᠲᠡᠭᠡᠨ ᠵᠠᠰᠠᠬᠤ ᠣᠷᠣᠨ᠂ ᠬᠤᠲᠠ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠳᠦᠭᠡ ᠨᠡᠶᠢᠭᠡᠮ ᠳᠤ ᠬᠠᠨᠳᠤᠭᠤᠯᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠯᠡ ᠪᠠᠷ ᠡᠯᠰᠡᠵᠦ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠳᠠᠭᠠᠭᠠᠨ ᠠᠪᠴᠠᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠡᠯᠰᠡᠬᠦ ᠡᠲᠡᠭᠡᠳ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ ︵ᠦᠢᠯᠡᠴᠢᠯᠡᠭᠡᠨ ᠤ ᠨᠥᠬᠦᠴᠡᠯ ᠳᠤ ᠨᠡᠶᠢᠴᠡᠭᠰᠡᠨ ᠣᠷᠣᠨ ᠤ ᠭᠠᠳᠠᠨᠠᠬᠢ︶ ᠬᠠᠮᠢᠶ᠎ᠠ ᠪᠦᠬᠦᠢ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠴᠢᠯᠡᠭᠡᠨ ᠬᠢᠵᠦ ᠪᠠᠶᠢᠭ᠎ᠠ ᠠᠵᠤ ᠠᠬᠤᠶᠢᠯᠠᠯ ︵ᠺᠣᠮᠫᠠᠨᠢ︶᠂ ᠡᠵᠡᠩᠨᠡᠯᠲᠡ ᠶᠢᠨ ᠭᠤᠤᠯ ᠴᠣᠭᠴᠠ᠃      ᠬᠤᠶᠠᠷ᠂ ᠡᠯᠰᠡᠬᠦ ᠨᠥᠬᠦᠴᠡᠯ      ︵ᠨᠢᠭᠡ︶ ᠡᠷᠬᠡᠪᠰᠢ ᠬᠠᠤᠯᠢ ᠶᠣᠰᠣᠭᠠᠷ ᠳᠠᠩᠰᠠᠯᠠᠭᠤᠯᠤᠭᠰᠠᠨ ᠬᠠᠤᠯᠢ ᠶᠢᠨ ᠡᠷᠬᠡᠲᠡᠨ ᠤ ᠨᠢᠭᠡᠴᠡ ᠪᠣᠯᠬᠤ ᠪᠥᠭᠡᠳ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠶ︔      ︵ᠬᠤᠶᠠᠷ︶ ᠡᠷᠬᠡᠪᠰᠢ ᠨᠡᠶᠢᠭᠡᠮᠴᠢᠯᠡᠭᠰᠡᠨ ᠦᠢᠯᠡᠴᠢᠯᠡᠭᠡᠨ ᠢ ᠡᠭᠦᠷᠭᠡᠯᠡᠬᠦ ᠵᠠᠰᠠᠭ ᠵᠠᠬᠢᠷᠭᠠᠨ ᠤ ᠵᠦᠪᠰᠢᠶᠡᠷᠡᠯ᠂ ᠬᠢᠷᠢ ᠬᠡᠮ ᠲᠠᠢ ᠪᠠᠶᠢᠬᠤ ᠬᠡᠷᠡᠭᠲᠡᠢ      ︵ᠭᠤᠷᠪᠠ︶ ᠳᠠᠩᠰᠠᠯᠠᠭᠤᠯᠤᠭᠰᠠᠨ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ ᠡᠮᠴᠢ᠂ ᠭᠡᠷ ᠤᠨ ᠲᠡᠵᠢᠭᠡᠪᠤᠷᠢ︔      ︵ᠲᠦᠷᠪᠡ︶ ᠲᠣᠭᠲᠠᠮᠠᠯ ᠠᠵᠢᠯᠯᠠᠬᠤ ᠭᠠᠵᠠᠷ᠂ ᠬᠦᠯᠢᠶᠡᠨ ᠠᠪᠬᠤ ᠦᠢᠯᠡᠴᠢᠯᠡᠭᠡ ᠲᠠᠢ ᠬᠠᠮᠢᠶ᠎ᠠ ᠪᠦᠬᠦᠢ ᠲᠣᠨᠤᠭ ᠲᠥᠬᠦᠭᠡᠷᠦᠮᠵᠢ ᠪᠣᠯᠤᠨ ᠠᠵᠢᠯᠲᠠᠨ᠃      ᠭᠤᠷᠪᠠ᠂ ᠡᠯᠰᠡᠬᠦ ᠵᠢᠷᠤᠮ      ᠨᠢᠭᠡ᠂ ᠠᠯᠪᠠᠨ ᠵᠠᠷ ᠨᠡᠶᠢᠲᠡᠯᠡᠬᠦ᠃ ︽ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾︶ ᠲᠣᠪᠴᠢᠶ᠎ᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠡᠯᠰᠡᠬᠦ ᠠᠯᠪᠠᠨ ᠵᠠᠷ︾ ᠢ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠪᠥᠬᠦ ᠣᠷᠣᠨ ᠳᠤ ᠵᠠᠷᠯᠠᠨ ᠨᠡᠶᠢᠲᠡᠯᠡᠪᠡ᠃       ᠬᠤᠶᠠᠷ  ᠨᠡᠷ᠎ᠡ ᠮᠡᠳᠡᠭᠦᠯᠬᠦ      1. ᠨᠡᠷ᠎ᠡ ᠮᠡᠳᠡᠭᠦᠯᠬᠦ ᠴᠠᠭ᠄ 2024 ᠣᠨ ᠤ 8 ᠰᠠᠷ᠎ᠠ ᠶᠢᠨ 20 ᠤ ᠡᠳᠦᠷ ᠠᠴᠠ 2024 ᠣᠨ ᠤ 8 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨᠡᠬᠢ 8᠄ 30 - 11᠄ 30᠂ ᠦᠳᠡ ᠶᠢᠨ ᠬᠤᠶᠢᠨ᠎ᠠ 2᠄ 30-5᠄ 30 ᠪᠠᠶᠢᠵᠤ᠂ ᠬᠤᠭᠤᠴᠠᠭ᠎ᠠ ᠬᠡᠲᠦᠷᠡᠪᠡᠯ ᠳᠠᠬᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃      2. ᠨᠡᠷ᠎ᠡ ᠮᠡᠳᠡᠭᠦᠯᠬᠦ ᠭᠠᠵᠠᠷ᠄ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠶᠢᠨ 302 ᠠᠯᠪᠠᠨ ᠭᠡᠷ᠃      ᠬᠠᠷᠢᠯᠴᠠᠬᠤ ᠬᠥᠮᠥᠨ᠄      ᠸᠠᠩ ᠰᠢ ︵ᠳᠡᠳ᠋ ᠲᠣᠪᠴᠢᠶᠠᠨ ᠳᠠᠷᠤᠭ᠎ᠠ︶ - ᠬᠠᠷᠢᠯᠴᠠᠬᠤ ᠤᠲᠠᠰᠤ᠄ 15540438518      ᠱᠢ ᠵᠢᠶᠠᠨ ᠳ᠋ᠦᠩ ︵ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ︶ - ᠬᠠᠷᠢᠯᠴᠠᠬᠤ ᠤᠲᠠᠰᠤ᠄ 15847458313      ᠸᠠᠩ ᠳ᠋ᠢᠶᠠᠨ ᠫᠧᠩ ︵ᠬᠢᠵᠢᠭ ᠢ ᠡᠵᠡᠮᠳᠡᠬᠦ ᠲᠥᠪ ᠤᠨ ᠡᠷᠬᠢᠯᠡᠭᠴᠢ︶ - ᠬᠠᠷᠢᠯᠴᠠᠬᠤ ᠤᠲᠠᠰᠤ᠄ 13134749246      3. ᠨᠡᠷ᠎ᠡ ᠮᠡᠳᠡᠭᠦᠯᠦᠭᠰᠡᠨ ᠮᠠᠲ᠋ᠧᠷᠢᠶᠠᠯ᠄ ︽ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠡᠷ᠎ᠡ ᠮᠡᠳᠡᠭᠦᠯᠦᠭᠰᠡᠨ ᠬᠦᠰᠦᠨᠦᠭᠲᠦ ︾︔ ᠭᠠᠷ ᠤᠷᠠᠯᠠᠯ ᠤᠨ ᠠᠵᠤ ᠠᠬᠤᠶᠢᠯᠠᠯ ︵ᠺᠣᠮᠫᠠᠨᠢ︶ ᠤᠨ ᠬᠠᠤᠯᠢ ᠶᠢᠨ ᠡᠷᠬᠡᠲᠡᠨ ᠤ ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ ᠬᠠᠤᠯᠢ ᠶᠢᠨ ᠡᠷᠬᠡᠲᠡᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ᠂ ᠬᠢᠷᠢ ᠬᠡᠮ ᠤᠨ ᠣᠭ ᠮᠠᠲ᠋ᠧᠷᠢᠶᠠᠯ ᠪᠠ ᠬᠠᠭᠤᠯᠪᠤᠷᠢ᠃ ᠬᠢᠨᠠᠨ ᠬᠠᠷᠭᠤᠭᠤᠯᠤᠭᠰᠠᠨ ᠤ ᠳᠠᠷᠠᠭ᠎ᠠ ᠤᠭ ᠮᠠᠲ᠋ᠧᠷᠢᠶᠠᠯ ᠢᠶᠠᠨ ᠪᠤᠴᠠᠭᠠᠬᠤ᠃       ᠭᠤᠷᠪᠠ ᠳᠤ ᠠᠵᠤ ᠠᠬᠤᠶᠢᠯᠠᠯ ︵ᠺᠤᠮᠫᠠᠨ᠋ᠢ ᠶᠢ ᠲᠤᠭᠲᠠᠬᠠᠬᠤ᠃ ᠡᠯᠰᠡᠬᠦ ᠨᠥᠬᠦᠴᠡᠯ ᠶᠣᠰᠣᠭᠠᠷ ᠰᠢᠯᠢᠳᠡᠭ ᠢ ᠨᠢ ᠰᠣᠩᠭᠤᠵᠤ ᠦᠢᠯᠡᠴᠢᠯᠡᠭᠡᠨ ᠤ ᠠᠵᠤ ᠠᠬᠤᠶᠢᠯᠠᠯ ︵ᠺᠣᠮᠫᠠᠨᠢ︶ ᠢ ᠲᠣᠭᠲᠠᠭᠠᠨ᠎ᠠ᠃ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠬᠢᠭᠡᠳ ᠲᠣᠭᠲᠠᠭᠠᠭᠰᠠᠨ ᠦᠢᠯᠡᠴᠢᠯᠡᠭᠡᠨ ᠤ ᠠᠵᠤ ᠠᠬᠤᠶᠢᠯᠠᠯ ︵ᠺᠣᠮᠫᠠᠨᠢ︶ ᠨᠢ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ ᠬᠤᠭᠤᠴᠠᠭ᠎ᠠ ᠨᠢ 1 - 5 ᠵᠢᠯ︶ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠪᠠ ᠬᠢᠨᠠᠨ ᠰᠢᠯᠭᠠᠭᠰᠠᠨ ᠪᠠᠶᠢᠳᠠᠯ ᠢ ᠦᠨᠳᠦᠰᠦᠯᠡᠨ ᠬᠡᠯᠡᠯᠴᠡᠭᠡᠷ ᠢ ᠦᠷᠭᠦᠯᠵᠢᠯᠡᠨ ᠭᠠᠷ ᠤᠨ ᠦᠰᠦᠭ ᠵᠢᠷᠤᠬᠤ ᠡᠰᠡᠬᠦ ᠶᠢ ᠲᠤᠭᠳᠠᠭᠠᠨ᠎ᠠ᠃      ᠳᠥᠷᠪᠡ᠂ ᠦᠢᠯᠡᠴᠢᠯᠡᠭᠡᠨ ᠤ ᠬᠡᠪᠴᠢᠶ᠎ᠡ      ᠰᠢᠩ ᠾᠧ ᠰᠢᠶᠠᠨ ᠤ ᠶᠢᠰᠦᠨ ᠰᠢᠶᠠᠩ ᠪᠠᠯᠭᠠᠰᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠢᠨ ᠪᠦᠷᠬᠦᠭᠦᠯᠪᠡ᠃      ᠲᠠᠪᠤ᠂ ᠲᠤᠰᠠᠯᠠᠮᠵᠢ ᠶᠢᠨ ᠪᠡᠯᠡ ᠮᠥᠩᠭᠦ      ᠠᠵᠤ ᠠᠬᠤᠶᠢᠯᠠᠯ ︵ᠺᠣᠮᠫᠠᠨᠢ︶ ᠤᠨ ᠦᠢᠯᠡᠴᠢᠯᠡᠭᠡᠨ ᠤ ᠣᠷᠣᠨ ᠪᠦᠰᠡ ᠵᠢᠴᠢ ᠣᠷᠣᠨ ᠪᠦᠰᠡ ᠶᠢᠨ ᠳᠣᠲᠣᠷᠠᠬᠢ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠵᠢᠯ ᠲᠤᠷᠰᠢ ᠲᠥᠪᠯᠡᠷᠡᠭᠦᠯᠦᠨ ᠦᠯᠦ ᠬᠠᠯᠳᠠᠭᠠᠬᠤ ᠠᠴᠠ ᠡᠮᠦᠨ᠎ᠡ ᠲᠤᠰ ᠲᠤᠰ 60%᠂ ᠲᠥᠪᠯᠡᠷᠡᠭᠦᠯᠦᠨ ᠦᠯᠦ ᠬᠠᠯᠳᠠᠭᠠᠯᠲᠠ ᠬᠢᠬᠦ ᠠᠵᠢᠯ ᠳᠠᠭᠤᠰᠤᠭᠰᠠᠨ ᠤ ᠳᠠᠷᠠᠭ᠎ᠠ᠂ ᠬᠢᠨᠠᠨ ᠰᠢᠯᠭᠠᠭᠰᠠᠨ ᠦᠷ᠎ᠡ ᠲᠦᠩ ᠢ ᠦᠨᠳᠦᠰᠦᠯᠡᠨ ᠦᠯᠡᠳᠡᠭᠰᠡᠨ ᠬᠡᠰᠡᠭ ᠢ ᠰᠠᠯᠭᠠᠨ ᠥᠭᠬᠦ ᠬᠡᠷᠡᠭᠲᠡᠶ᠃      ᠵᠢᠷᠭᠤᠭ᠎ᠠ᠂ ᠬᠢᠨᠠᠯᠲᠠ ᠲᠠᠯᠪᠢᠬᠤ ᠳ᠋ᠢᠶᠠᠩᠬᠤᠸᠠ      ᠡᠯᠰᠡᠬᠦ ᠠᠵᠢᠯ ᠳᠤ ᠮᠡᠳᠡᠭᠡ ᠵᠠᠩᠭᠢ ᠶᠢ ᠢᠯᠡ ᠪᠣᠯᠭᠠᠬᠤ᠂ ᠶᠠᠪᠤᠴᠠ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠪᠡᠶᠡᠯᠡᠭᠦᠯᠵᠦ᠂ ᠨᠡᠶᠢᠭᠡᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠤᠷᠢᠬᠤ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ ᠃ ᠬᠢᠨᠠᠯᠲᠠ ᠲᠠᠯᠪᠢᠬᠤ ᠤᠲᠠᠰᠤ᠄ 0474 - 7210085      ᠲᠣᠰ ᠤᠳᠠᠭᠠᠨ ᠤ ᠡᠯᠰᠡᠬᠦ ᠠᠯᠪᠠᠨ ᠵᠠᠷ ᠢ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠳᠠᠭᠠᠯᠳᠤᠭᠤᠯᠤᠯ᠄ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠮᠠᠯ ᠡᠮᠨᠡᠯᠭᠡ ᠶᠢᠨ ᠨᠡᠶᠢᠭᠡᠮ ᠡᠯᠰᠡᠬᠦ                 ᠢᠷᠡᠯᠲᠡ᠄ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3