ᠯᠢ ᠺᠠᠶ ᠳ᠋ᠦᠩ ᠮᠠᠨ ᠤ ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/20
     8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠰᠠᠨ ᠮᠧᠶ ᠪᠣᠬᠢᠷᠲᠤᠯ ᠥᠬᠡᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ ᠂ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ      ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠯᠢ ᠺᠠᠢ ᠳ᠋ᠦᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠪᠣᠳᠠᠲᠠᠢ ᠰᠢᠢᠳᠪᠦᠷᠢᠯᠡᠬᠦ ᠰᠠᠨᠠᠯ ᠳᠤᠷᠠᠳᠴᠠᠢ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠶᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠲᠥᠷᠥᠯ ᠵᠦᠶ᠋ᠯ ᠢ ᠨᠠᠶᠢᠳᠠᠪᠤᠷᠢᠵᠢᠭᠤᠯᠬᠤ ᠳᠤ ᠪᠥᠬᠦ ᠶᠠᠪᠤᠴᠠ ᠶᠢᠨ ᠤᠶᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠡᠯ᠎ᠡ ᠵᠤᠶᠢᠯ ᠤᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠠᠭᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠪᠠᠶᠢᠭᠤᠯᠵᠤ ᠪᠠᠶᠢᠭ᠎ᠠ ᠲᠥᠷᠥᠯ  ᠵᠤᠶᠢᠯ ᠨᠢ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠲᠥᠰᠦᠯ ᠢᠶᠠᠨ ᠰᠢᠯᠢᠳᠡᠭᠵᠢᠭᠦᠯᠦᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠥᠷᠥᠯ ᠵᠤᠶᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠷᠢᠨ ᠵᠦᠢᠯᠡᠰ ᠤᠨ ᠠᠰᠠᠭᠤᠳᠠᠯ ᠢ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠲᠥᠬᠦᠭᠡᠷᠦᠮᠵᠢ᠂ ᠠᠵᠢᠯᠳᠠᠨ ᠵᠡᠷᠭᠡ ᠲᠠᠯ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                 ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3