ᠯᠢ ᠺᠠᠶ ᠳ᠋ᠦᠩ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/20
     8 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠩ ᠾᠧ ᠰᠢᠶᠠᠨ ᠤ ᠰᠢᠶᠠ ᠸᠧᠨ ᠰᠣᠶᠣᠯ ᠵᠢᠭᠤᠯᠴᠢᠯᠠᠯ ᠤᠨ ᠪᠠᠶᠠᠷ ᠤᠨ ᠲᠤᠬᠠᠶ ᠶᠢᠨ ᠲᠠᠯᠠᠪᠠᠶ ᠳᠤ ᠬᠦᠷᠴᠦ᠂ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ᠂ ᠰᠦᠨ ᠬᠠᠢ ᠵᠢᠶᠦ᠋ᠨ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᡁᠢ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠵᠣᠨ ᠤ ᠰᠣᠶᠣᠯ ᠵᠢᠭᠤᠯᠴᠢᠯᠠᠯ ᠤᠨ ᠨᠠᠶᠢᠷ ᠨᠢ ᠮᠠᠨ ᠤ ᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠵᠢᠭᠤᠯᠴᠢᠯᠠᠯ ᠤᠨ ᠳᠦᠷᠢ ᠲᠥᠷᠬᠦ ᠶᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠵᠣᠨ ᠤ ᠰᠣᠶᠣᠯ ᠵᠢᠭᠤᠯᠴᠢᠯᠠᠯ ᠤᠨ ᠪᠠᠶᠠᠷ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠬᠦ ᠬᠡᠷᠡᠭᠲᠡᠶ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠣᠨ ᠤ ᠰᠣᠶᠣᠯ ᠵᠢᠭᠤᠯᠴᠢᠯᠠᠯ ᠤᠨ ᠨᠠᠶᠢᠷ ᠢ ᠴᠢᠨᠠᠷ ᠰᠠᠶᠢᠲᠠᠢ ᠡᠷᠬᠢᠯᠡᠬᠦ ᠶᠢ ᠪᠠᠲᠤᠯᠠᠬᠤ ᠬᠡᠷᠡᠭᠲᠡᠢ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠵᠣᠨ ᠢ ᠠᠷᠢᠯᠭᠠᠬᠤ ᠰᠣᠶᠣᠯ ᠵᠢᠭᠤᠯᠴᠢᠯᠠᠯ ᠤᠨ ᠪᠠᠶᠠᠷ ᠤᠨ ᠵᠠᠮ ᠬᠠᠷᠢᠯᠴᠠᠭ᠎ᠠ᠂ ᠭᠡᠷᠡᠯᠲᠦᠭᠦᠯᠭᠡ ᠵᠡᠷᠭᠡ ᠲᠤᠬᠠᠶ ᠶᠢᠨ ᠲᠠᠯᠠᠪᠤᠷ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢ ᠰᠠᠶᠢᠲᠤᠷ ᠪᠠᠲᠤᠯᠠᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠤᠳᠠ ᠶᠢᠨ ᠠᠷᠠᠳ ᠤᠨ ᠵᠤᠭᠠᠴᠠᠭᠰᠠᠳ ᠲᠤ ᠰᠠᠨᠠᠭ᠎ᠠ ᠠᠮᠤᠷ᠂ ᠰᠠᠨᠠᠭ᠎ᠠ ᠠᠮᠤᠷ ᠂ ᠲᠠᠭᠠᠯᠠᠮᠵᠢᠲᠠᠢ ᠰᠣᠶᠣᠯ ᠵᠤᠭᠠᠴᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3