ᠰᠢᠩ ᠾᠧ ᠰᠢᠶᠠᠨ ᠤ 2024 ᠣᠨ ᠤ ᠵᠣᠨ ᠢ ᠠᠷᠢᠯᠭᠠᠬᠤ ᠰᠣᠶᠣᠯ ᠵᠢᠭᠤᠯᠴᠢᠯᠠᠯ ᠤᠨ ᠨᠠᠶᠢᠷ ᠵᠢᠴᠢ ᠰᠢᠩ ᠾᠧ ᠭᠤᠤᠯ ᠤᠨ ᠷᠢᠳᠢ ᠰᠢᠳᠢ ᠲᠠᠢ ᠰᠥᠨᠢ ᠶᠢᠨ ᠵᠢᠭᠤᠯᠴᠢᠯᠠᠯ ᠤᠨ ᠦᠪᠡᠳᠡᠭᠰᠢ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/8/20
     8 ᠰᠠᠷ᠎ᠠ ᠶᠢᠨ 16 ᠤ ᠡᠳᠦᠷ᠂ ᠰᠢᠩ ᠡᡁᠧ ᠰᠢᠶᠠᠨ ᠤ 2024 ᠣᠨ ᠤ ᠵᠣᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠰᠢᠩ ᠾᠧ ᠭᠤᠣᠯ ᠤᠨ ᠷᠢᠳᠢ ᠰᠢᠳᠢ ᠲᠠᠢ ᠰᠥᠨᠢ ᠶᠢᠨ ᠵᠤᠭᠠᠴᠠᠯ ᠰᠢᠩ ᠶᠦᠩ ᠨᠡᠭᠦᠷᠡᠰᠦᠲᠥ᠋ᠷᠥᠭᠴᠢ ᠶᠢᠨ ᠡᠳ᠋ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠰ ᠤᠳᠠᠭᠠᠨ ᠤ ᠵᠢᠭᠤᠯᠴᠢᠯᠠᠯ ᠤᠨ ᠨᠠᠶᠢᠷ ᠨᠢ ᠳᠠᠭᠤᠤ ᠬᠥᠭᠵᠢᠮ᠂ ᠰᠣᠶᠣᠯ ᠵᠡᠷᠭᠡ ᠡᠯᠧᠮᠧᠨ᠋ᠲ ᠪᠣᠯᠤᠨ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠰᠢᠩ ᠾᠧ ᠰᠢᠶᠠᠨ ᠤ ᠰᠣᠶᠣᠯ ᠬᠢᠭᠡᠳ ᠵᠢᠭᠤᠯᠴᠢᠯᠠᠯ ᠤᠨ ᠠᠵᠤ ᠦᠢᠯᠡᠰ ᠤᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠰᠢᠩ ᠾᠧ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
     ᠰᠢᠩ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠵᠣᠨ ᠤ ᠰᠣᠶᠤᠯ ᠵᠤᠭᠠᠴᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠡᠬᠢᠯᠡᠯᠲᠡ ᠶᠢᠨ ᠪᠥᠵᠢᠭ ︽ᠡᠬᠡ ᠭᠠᠵᠠᠷ ᠢ ᠪᠠᠶᠠᠷ ᠪᠠᠶᠠᠰᠬᠤᠯᠠᠩ ᠲᠠᠢ ᠮᠠᠨᠳᠤᠭᠤᠯᠬᠤ︾ ᠳᠤᠮᠳᠠ ᠬᠥᠰᠢᠭᠡ ᠪᠠᠨ ᠰᠡᠬᠦᠪᠡ᠃ ᠼᠢᠷᠺ ᠤᠨ ︽ᠰᠧᠴᠤᠸᠠᠨ ᠤ ᠵᠦᠴᠦᠭᠡ ᠶᠢᠨ ᠴᠢᠷᠠᠶ︾᠂ ᠰᠠᠶᠢᠬᠠᠨ ᠨᠤᠲᠤᠭ᠂ ᠬᠤᠭᠤᠷ ᠤᠨ ᠬᠥᠭᠵᠢᠮ᠂ ᠬᠤᠭᠤᠷ ᠤᠨ ᠬᠥᠭᠵᠢᠮ ᠵᠡᠷᠭᠡ ᠲᠣᠭᠯᠠᠯᠲᠠ ᠴᠤ ᠲᠣᠭᠯᠠᠯᠲᠠ ᠪᠠᠷ ᠦᠵᠡᠭᠴᠢᠳ ᠲᠤ ᠨᠢᠭᠡᠨ ᠤᠳᠠᠭᠠᠨ ᠤ ᠰᠡᠷᠡᠯ ᠤᠨ ᠤᠷᠮ᠎ᠠ ᠪᠠᠬ᠎ᠠ ᠪᠠᠨ ᠰᠡᠷᠭᠦᠭᠡᠵᠡᠶ᠃
     7 ᠰᠠᠷ᠎ᠠ ᠶᠢᠨ 28 ᠤ ᠡᠳᠦᠷ ᠠᠴᠠ ᠡᠬᠢᠯᠡᠨ᠂ ᠵᠣᠨ ᠤ ᠵᠢᠭᠤᠯᠴᠢᠯᠠᠯ ᠤᠨ ᠨᠠᠶᠢᠷ ᠲᠤ ᠨᠡᠶᠢᠲᠡ 400 ᠭᠠᠷᠤᠶ ᠳᠡᠯᠭᠡᠭᠦᠷ ᠭᠠᠷᠭᠠᠵᠤ᠂ ᠣᠲᠣ ᠪᠣᠯᠲᠠᠯ᠎ᠠ᠂ ᠨᠡᠶᠢᠲᠡ 20 ᠭᠠᠷᠤᠶ ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ ᠵᠣᠨ ᠤ ᠪᠠᠶᠠᠷ ᠢ ᠤᠰᠠᠳᠬᠠᠬᠤ ᠬᠡᠯᠪᠡᠷᠢ ᠪᠠᠷ ᠰᠢᠩ ᠾᠧ ᠰᠢᠶᠠᠨ ᠤ ᠭᠠᠵᠠᠷ ᠣᠷᠣᠨ ᠤ ᠲᠡᠤᠬᠡ ᠰᠣᠶᠣᠯ᠂ ᠵᠠᠩ ᠵᠠᠩᠰᠢᠯ ᠪᠠ ᠤᠨᠴᠠᠯᠢᠬᠳᠤ ᠪᠦᠲᠦᠭᠡᠭᠳᠡᠬᠦᠨ ᠢ ᠳᠡᠯᠭᠡᠨ ᠦᠵᠡᠭᠦᠯᠪᠡ᠃ ᠡᠭᠦᠨ ᠤ ᠬᠠᠮᠲᠤ᠂ ᠠᠵᠢᠯᠯᠠᠭ᠎ᠠ ᠨᠢ ᠪᠠᠰᠠ ᠠᠮᠲᠠᠲᠤ ᠢᠳᠡᠭᠡᠨ᠂ ᠳ᠋ᠧᠩ ᠤᠨ ᠬᠡᠷᠡᠯ ᠦᠵᠡᠭᠦᠯᠭᠡ᠂ ᠣᠷᠣᠨ ᠨᠤᠲᠤᠭ ᠤᠨ ᠤᠯᠠᠮᠵᠢᠯᠠᠯᠲᠤ ᠰᠣᠶᠣᠯ᠂ ᠣᠳᠣᠨ ᠳᠠᠭᠤᠤ ᠬᠥᠭᠵᠢᠮ ᠤᠨ ᠨᠠᠶᠢᠷ᠂ ᠰᠦᠯᠵᠢᠶᠡᠨ ᠤ ᠤᠳᠤᠨ ᠤ ᠰᠢᠭᠤᠳ ᠨᠡᠪᠲᠡᠷᠡᠭᠦᠯᠭᠡ ᠵᠡᠷᠭᠡ ᠠᠭᠤᠯᠭ᠎ᠠ ᠪᠠᠷ ᠳᠠᠮᠵᠢᠭᠤᠯᠤᠨ᠂ ᠨᠠᠩ ᠣᠯᠠᠨ ᠵᠢᠭᠤᠯᠴᠢᠯᠠᠭᠴᠢᠳ ᠲᠤ ᠡᠨᠡ ᠬᠦ ᠶᠠᠪᠤᠴᠠ ᠳᠤ ᠬᠥᠭᠵᠢᠯ ᠮᠠᠨᠳᠤᠯ ᠢ ᠣᠶᠢᠯᠠᠭᠠᠭᠤᠯᠵᠤ᠂ ᠰᠢᠩ ᠾᠧ ᠳᠤ ᠣᠷᠣᠭᠤᠯᠤᠨ᠂ ᠪᠠᠯᠠ ᠣᠷᠣᠭᠤᠯᠤᠯᠲᠠ ᠶᠢᠨ ᠬᠥᠭᠵᠢᠯ ᠮᠠᠨᠳᠤᠯ ᠢ ᠣᠯᠭᠤᠵᠤ᠂ ᠨᠠᠩ ᠣᠯᠠᠨ ᠮᠡᠳᠡᠭᠡ ᠵᠠᠩᠭᠢ᠂ ᠰᠣᠶᠣᠯ᠂ ᠵᠢᠭᠤᠯᠴᠢᠯᠠᠯ ᠤᠨ ᠡᠬᠢ ᠪᠠᠶᠠᠯᠢᠭ ᠢ ᠠᠵᠢᠯᠯᠠᠭ᠎ᠠ ᠶᠢᠨ ᠳᠤᠮᠳᠠ ᠤᠯᠠᠮᠵᠢᠯᠠᠨ ᠰᠣᠯᠢᠯᠴᠠᠭᠤᠯᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3