ᠴᠧᠩ ᠭᠤᠸᠠᠨ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/20
     ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 15 ᠤ ᠡᠳᠦᠷ᠂ ᠴᠧᠩ ᠭᠤᠸᠠᠨ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃      ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠬᠤᠯᠪᠣᠭ᠎ᠠ ᠠᠪᠬᠤ ᠦᠷᠳᠡᠭᠡ ᠶᠢᠨ ᠬᠠᠷᠢᠭᠤᠴᠠᠯᠭᠠᠲᠠᠨ ᠤᠢᠢᠷ᠎ᠠ ᠶᠢᠨ ᠬᠤᠭᠤᠴᠠᠭᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠱᠠᠳᠤᠴᠢ ᠴᠢᠨᠠᠷᠲᠠᠢ ᠳ᠋ᠦᠩᠨᠡᠯᠲᠡ ᠬᠢᠭᠰᠡᠨ ᠪᠥᠭᠡᠳ ᠡᠯ᠎ᠡ ᠬᠤᠯᠪᠣᠭ᠎ᠠ ᠠᠪᠬᠤ ᠦᠷᠳᠡᠭᠡ ᠬᠠᠷᠢᠯᠴᠠᠨ ᠲᠤᠷᠰᠢᠯᠭ᠎ᠠ ᠪᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ  ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯ ᠨᠠᠮ ᠪᠣᠯᠤᠨ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠴᠢᠬᠤᠯᠠ ᠠᠴᠢᠶᠠᠯᠠᠪᠤᠷᠢ ᠮᠥᠨ᠂ ᠨᠠᠩ ᠴᠤ ᠡᠯ᠎ᠡ ᠵᠤᠶᠢᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠡᠷᠬᠢᠮ ᠨᠠᠨᠳᠢᠨ ᠥᠪ ᠬᠥᠷᠥᠩᠭᠡ ᠮᠥᠨ᠃ ᠰᠤᠷᠤᠯᠴᠠᠯᠭ᠎ᠠ ᠪᠠᠨ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠲᠠᠢ ᠦᠢᠯᠡᠴᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠢ ᠨᠡᠩ ᠰᠠᠶᠢᠲᠤᠷ ᠬᠠᠪᠰᠤᠷᠤᠨ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠤᠭᠤᠷᠣᠨᠳᠣᠬᠢ ︽ᠰᠡᠳᠬᠢᠯ ᠤᠨ ᠬᠥᠭᠦᠷᠭᠡ︾ ᠶᠢ ᠪᠤᠰᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠶ᠋ᠯᠡᠳᠦᠯ ᠢ ᠪᠠᠳᠠᠷᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠭᠦᠨᠵᠡᠭᠡᠶᠢᠷᠡᠨ ᠠᠵᠢᠯ ᠳᠤ ᠣᠷᠣᠯᠴᠠᠭᠤᠯᠵᠤ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠷᠠᠳ ᠤᠨ ᠪᠠᠶᠢᠳᠠᠯ ᠢ ᠭᠦᠢᠴᠡᠳ ᠣᠶᠢᠯᠠᠭᠠᠵᠤ᠂ ᠠᠷᠠᠳ ᠤᠨ ᠰᠠᠨᠠᠭ᠎ᠠ ᠶᠢ ᠴᠠᠭ ᠲᠤᠬᠠᠶ ᠳᠤᠨᠢ ᠳᠠᠮᠵᠢᠭᠤᠯᠬᠤ ᠬᠡᠷᠡᠭᠲᠡᠶ᠃ ᠬᠤᠶᠠᠷ ᠲᠤ᠂ ᠡᠳᠦᠷ ᠲᠤᠲᠤᠮ ᠤᠨ ᠲᠣᠭᠲᠠᠴᠠ ᠶᠢ ᠵᠢᠷᠤᠮᠵᠢᠭᠤᠯᠵᠤ᠂ ᠣᠯᠠᠨ ᠲᠦᠮᠡᠨ ᠤ ᠲᠤᠰᠬᠠᠵᠤ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠵᠢᠷᠤᠮᠵᠢᠯ ᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠠᠵᠢᠯ ᠤᠨ ᠳᠤᠮᠳᠠᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ᠂ ᠰᠠᠶᠢᠨ ᠨᠡᠶᠢᠲᠡᠯᠢᠭ ᠵᠢᠱᠢᠶ᠎ᠡ ᠶᠢ ᠨᠠᠷᠢᠨ ᠬᠢᠨᠠᠮᠠᠭᠠᠶ ᠳ᠋ᠦᠩᠨᠡᠵᠦ᠂ ᠲᠥᠯᠥᠭᠡᠯᠡᠭᠴᠢ ᠭᠡᠰᠢᠭᠦᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠳᠤ ᠠᠷᠠᠳ ᠤᠨ ᠲᠥᠯᠥᠭᠡ ︽ᠰᠡᠳᠬᠢᠯ ᠬᠤᠯᠪᠣᠬᠤ ᠬᠥᠭᠦᠷᠭᠡ︾ ᠶᠢ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃           ᠵᠤᠬᠢᠶᠠᠭᠴᠢ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3