ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠬᠢᠨᠠᠨ ᠲᠣᠭᠲᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/25
     8 ᠰᠠᠷ᠎ᠠ ᠶᠢᠨ 19 - 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠬᠤᠤ ᠰᠢᠶᠣᠣ ᠶᠢᠨ ᠨᠠᠷ ᠮᠠᠨ ᠤ ᠰᠢᠶᠠᠨ ᠳᠤ ᠭᠦᠨᠵᠡᠭᠡᠶᠢᠷᠡᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠥᠭᠡᠳ ᠬᠢᠨᠠᠨ ᠲᠣᠭᠲᠠᠭᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠪᠠ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃      ᠬᠢᠨᠠᠨ ᠲᠣᠭᠲᠠᠭᠠᠬᠤ ᠬᠤᠷᠠᠯ ᠳᠡᠭᠡᠷ᠎ᠡ᠂ ᠮᠠᠨ ᠤ ᠰᠢᠶᠠᠨ ᠤ ᠡᠭᠦᠳᠦᠨ ᠪᠠᠶᠢᠭᠤᠯᠬᠤ ᠠᠵᠢᠯ ᠤᠨ ᠣᠯᠤᠭᠰᠠᠨ ᠠᠮᠵᠢᠯᠲᠠ ᠵᠢᠴᠢ ᠬᠢᠯᠠᠰ ᠴᠡᠭ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ ᠬᠤᠷᠠᠯ ᠠᠴᠠ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠣᠯ ᠬᠢᠲᠠᠳ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠨᠡᠩ ᠴᠤ ᠥᠷᠭᠡᠨ ᠤᠯᠠᠨ ᠲᠦᠮᠡᠨ ᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠪᠣᠯ ᠨᠢᠭᠡ ᠵᠦᠢᠯ ᠤᠨ ᠡᠷᠬᠢᠮ ᠳᠡᠭᠡᠳᠦ ᠢᠷᠠᠭᠤ ᠠᠯᠳᠠᠷ ᠪᠣᠯᠬᠤᠷ ᠡᠭᠦᠳᠦᠨ ᠪᠠᠶᠢᠭᠤᠯᠬᠤ ᠠᠵᠢᠯ ᠢᠶᠠᠷ ᠰᠢᠶᠠᠨ ᠤ ᠬᠡᠪᠴᠢᠶᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠ ᠬᠢᠲᠠᠳ ᠡᠮ ᠡᠮᠨᠡᠯᠭᠡ ᠶᠢᠨ ᠦᠢᠯᠡᠰ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ᠃          ᠸᠠᠩ ᠬᠤᠢ ᠢᠦᠢ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠯᠠᠨ ᠵᠢᠯ ᠤᠨ ᠲᠤᠷᠰᠢ ᠰᠢᠩ ᠾᠧ ᠰᠢᠶᠠᠨ ᠤ ᠳᠡᠮᠵᠢᠯᠭᠡ ᠪᠠ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠮᠠᠨ ᠤ ᠰᠢᠶᠠᠨ ᠤ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠸᠠᠩ ᠬᠤᠢ ᠢᠦᠢ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠰᠢᠩ ᠡᡁᠧ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ᠶᠢᠨ ᠰᠣᠶᠣᠯ ᠢᠶᠠᠷ ᠬᠦᠳᠦᠯᠥᠨ ᠳᠠᠭᠠᠭᠤᠯᠵᠤ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠢᠲᠠᠳ ᠡᠮ ᠡᠮᠨᠡᠯᠭᠡ ᠶᠢᠨ ᠠᠵᠢᠯ ᠤᠨ ᠰᠢᠨ᠎ᠡ ᠰᠡᠳᠬᠢᠴᠡ᠂ ᠰᠢᠨ᠎ᠡ ᠲᠣᠭᠲᠠᠴᠠ᠂ ᠰᠢᠨ᠎ᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠬᠦ ᠰᠢᠶᠠᠨ ᠤ ᠬᠢᠲᠠᠳ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠪᠠ ᠰᠠᠨᠠᠭᠤᠯᠭ᠎ᠠ ᠳᠤ ᠴᠢᠭᠯᠡᠭᠦᠯᠦᠨ᠂ ᠮᠠᠨ ᠤ ᠰᠢᠶᠠᠨ ᠳᠠᠷᠤᠶ ᠲᠦᠷᠭᠡᠨ ᠬᠥᠳᠡᠯᠦᠯᠴᠡᠵᠦ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠪᠠᠶᠢᠭᠤᠯᠤᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠬᠡᠨ ᠪᠡᠶᠡᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠦᠵᠦ ᠲᠥᠯᠥᠪᠯᠡᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠥᠨᠳᠥᠷ ᠲᠦᠪᠰᠢᠨ ᠢᠶᠠᠷ ᠠᠬᠢᠭᠤᠯᠵᠤ᠂ ᠬᠢᠲᠠᠳ ᠡᠮ ᠡᠮᠨᠡᠯᠭᠡ ᠶᠢᠨ ᠮᠡᠳᠡᠭᠡ ᠵᠠᠩᠭᠢᠵᠢᠯᠲᠠ ᠪᠣᠯᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠪᠦᠬᠦ ᠬᠦᠴᠦᠨ ᠢᠶᠠᠷ ᠢᠶᠠᠨ ᠣᠷᠣᠯᠴᠠᠵᠤ᠂ ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠤᠨ᠎ᠠ᠃        ᠬᠢᠨᠠᠨ ᠲᠣᠭᠲᠠᠭᠠᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠳᠤᠭᠤᠶᠢᠯᠠᠩ ᠰᠤᠷᠪᠤᠯᠵᠢᠯᠠᠨ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠡᠭᠦᠳᠦᠨ ᠪᠠᠶᠢᠭᠤᠯᠬᠤ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢ ᠠᠪᠴᠤ᠂ ᠮᠠᠨ ᠤ ᠰᠢᠶᠠᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ᠂ ᠰᠢᠩ ᠾᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠢᠴᠢ ᠬᠡᠰᠡᠭ ᠰᠢᠶᠠᠩ᠂ ᠲᠣᠰᠬᠤᠨ ︵ᠨᠡᠶᠢᠭᠡᠮ ᠲᠣᠭᠤᠷᠢᠭ ︶ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠳᠤ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠵᠤ ᠰᠢᠯᠭᠠᠨ ᠠᠪᠤᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3