ᠰᠢᠩ ᠾᠧ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠬᠠᠮᠠᠭᠠᠯᠠᠬᠤ ᠬᠡᠪᠴᠢᠶ᠎ᠡ ᠶᠢ ᠵᠠᠭᠠᠭᠯᠠᠨ ᠲᠣᠭᠲᠠᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/8/26
    ᠶᠡᠷᠦᠩᠬᠡᠶ ᠱᠦᠵᠢ ᠰᠢ ᠶᠢᠨ ᠫᠢᠩ ᠤᠨ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠩ ᠾᠧ ᠰᠢᠶᠠᠨ ᠤ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠲᠥᠯᠥᠭᠡ᠂ ︽ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠲᠦᠷᠢᠮ︾ ᠪᠣᠯᠤᠨ ︽ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠢᠩ ᠾᠧ ᠰᠢᠶᠠᠨ ᠤ ᠬᠤᠶᠠᠷ ᠭᠠᠵᠠᠷ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠵᠤ ᠳᠣᠤᠷᠠᠬᠢ ᠮᠡᠲᠦ ᠵᠠᠷᠯᠠᠶ᠎ᠠ᠃      ᠨᠢᠭᠡ᠂ ᠰᠢᠩ ᠾᠧ ᠰᠢᠶᠠᠨ ᠤ ︽ᠲᠦᠮᠡᠨ ᠣᠨ ᠤ ᠵᠠᠯᠠᠭᠤᠴᠤᠳ︾᠎ ᠤᠨ ᠣᠩᠭᠤᠨ ᠤ ᠬᠦᠷᠢᠶᠡᠯᠡᠩ      ᠬᠠᠶ᠋ᠢᠭ᠄ ᠰᠢᠩ ᠾᠧ ᠰᠢᠶᠠᠨ ᠤ ᠡᠮᠦᠨ᠎ᠡ ᠣᠪᠣᠭ᠎ᠠ ᠶᠢᠨ ︽ᠲᠦᠮᠡᠨ ᠣᠨ ᠤ ᠵᠠᠯᠠᠭᠤ︾ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ      ᠬᠠᠮᠠᠭᠠᠯᠠᠬᠤ ᠳᠡᠰ᠄ ᠰᠢᠶᠠᠨ ᠤ ᠱᠠᠲᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ      ᠬᠠᠮᠠᠭᠠᠯᠠᠬᠤ ᠬᠡᠪᠴᠢᠶ᠎ᠡ᠄ ᠰᠢᠩ ᠾᠧ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠬᠡᠰᠡᠭ ᠭᠠᠵᠠᠷ ᠤᠨ ᠤᠯᠠᠭᠠᠨ ᠱᠤᠭᠤᠮ ᠢᠶᠠᠷ ᠰᠠᠭᠤᠷᠢ ᠪᠠᠷᠢᠮᠵᠢᠶ᠎ᠠ ᠱᠤᠭᠤᠮ ᠪᠣᠯᠭᠠᠵᠤ᠂ ᠣᠩᠭᠤᠨ ᠤ ᠬᠦᠷᠢᠶᠡᠯᠡᠩ ᠤᠨ ᠬᠡᠷᠡᠮ ᠢᠶᠠᠷ ᠵᠠᠭᠠᠭ ᠪᠣᠯᠭᠠᠨ᠎ᠠ᠃      ᠬᠤᠶᠠᠷ᠂ ᠰᠢᠩ ᠾᠧ ᠰᠢᠶᠠᠨ ᠤ ᠰᠠᠶᠢᠬᠤᠰᠦ ᠶᠢᠨ ︽ᠲᠤᠯᠤᠭᠠᠨ ᠶᠡᠭᠡ ᠴᠢᠩ︾ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ      ᠬᠠᠶ᠋ᠢᠭ᠄ ᠰᠢᠩ ᠾᠧ ᠰᠢᠶᠠᠨ ᠤ ᠰᠠᠶᠢᠬᠤᠰᠦ ᠶᠢᠨ ︽ᠲᠤᠯᠤᠭᠠᠨ ᠶᠡᠭᠡ ᠴᠢᠩ︾᠎ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ      ᠬᠠᠮᠠᠭᠠᠯᠠᠬᠤ ᠳᠡᠰ᠄ ᠰᠢᠶᠠᠨ ᠤ ᠱᠠᠲᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ      ᠬᠠᠮᠠᠭᠠᠯᠠᠬᠤ ᠬᠡᠪᠴᠢᠶ᠎ᠡ᠄ ᠰᠢᠩ ᠾᠧ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠬᠡᠰᠡᠭ ᠭᠠᠵᠠᠷ ᠤᠨ ᠤᠯᠠᠭᠠᠨ ᠱᠤᠭᠤᠮ ᠢᠶᠠᠷ ᠰᠠᠭᠤᠷᠢ ᠪᠠᠷᠢᠮᠵᠢᠶ᠎ᠠ ᠱᠤᠭᠤᠮ ᠪᠣᠯᠭᠠᠵᠤ᠂ ᠣᠩᠭᠤᠨ ᠤ ᠬᠦᠷᠢᠶᠡᠯᠡᠩ ᠤᠨ ᠬᠡᠷᠡᠮ ᠢᠶᠠᠷ ᠵᠠᠭᠠᠭ ᠪᠣᠯᠭᠠᠨ᠎ᠠ᠃      ᠣᠩᠭᠤᠨ ᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠶᠠᠮᠠᠷᠪᠠ ᠨᠢᠭᠡᠴᠢ ᠪᠤᠶᠤ ᠬᠤᠪᠢ ᠬᠦᠮᠦᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠪᠦᠷᠢᠨ ᠪᠦᠲᠦᠨ ᠴᠢᠨᠠᠷ ᠢ ᠡᠪᠳᠡᠵᠦ ᠪᠣᠯᠬᠤ ᠦᠭᠡᠢ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷᠠᠬᠢ ᠭᠠᠵᠠᠷ ᠰᠢᠷᠣᠢ ᠪᠠ ᠲᠥᠬᠦᠭᠡᠷᠦᠮᠵᠢ ᠶᠢ ᠡᠵᠡᠯᠡᠵᠦ ᠪᠣᠯᠬᠤ ᠦᠭᠡᠢ      ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠡᠯᠡᠳᠬᠡᠮᠵᠢ ᠶᠢ ᠬᠠᠤᠯᠢ ᠪᠤᠰᠤ ᠪᠠᠷ ᠡᠵᠡᠯᠡᠭᠰᠡᠨ᠂ ᠡᠪᠳᠡᠭᠰᠡᠨ᠂ ᠪᠣᠬᠢᠷᠲᠤᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠬᠤᠬᠢᠷᠠᠯ ᠤᠴᠠᠷᠠᠭᠤᠯᠤᠭᠰᠠᠨ ᠪᠣᠯ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠦᠨ᠎ᠡ︔ ᠡᠵᠡᠯᠡᠭᠳᠡᠭᠰᠡᠨ᠂ ᠡᠪᠳᠡᠭᠳᠡᠭᠰᠡᠨ᠂ ᠪᠣᠬᠢᠷᠲᠤᠭᠤᠯᠤᠭᠰᠠᠨ ᠳᠤᠷᠠᠰᠬᠠᠯ ᠤᠨ ᠪᠡᠯᠡᠳᠬᠡᠮᠵᠢ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠲᠣᠭᠠᠴᠠᠭᠳᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ︾᠎ ᠶᠢᠨ ᠲᠣᠭᠲᠠᠭᠠᠯ ᠶᠣᠰᠣᠭᠠᠷ ᠰᠢᠢᠳᠬᠡᠨ᠎ᠡ︔ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠷᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃                   ᠱᠢᠩ ᠾᠧ ᠱᠢᠶᠠᠨ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ                                 2024 ᠣᠨ ᠤ 8 ᠰᠠᠷ᠎ᠠ ᠶᠢᠨ 26᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3