ᠶᠡᠷᠦᠩᠬᠡᠶ ᠱᠦᠵᠢ ᠰᠢ ᠶᠢᠨ ᠫᠢᠩ ᠤᠨ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠩ ᠾᠧ ᠰᠢᠶᠠᠨ ᠤ ᠦᠷᠡᠭᠳᠡᠭᠰᠡᠨ | ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠦᠨᠡᠨ | ᠬᠦ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠲᠥᠯᠥᠭᠡ᠂ ︽ᠦᠷᠡᠭᠳᠡᠭᠰᠡᠨ | ᠪᠠᠭᠠᠲᠤᠷᠴᠤᠳ ᠢ ᠰᠠᠶᠢᠰᠢᠶᠠᠬᠤ ᠲᠦᠷᠢᠮ︾ ᠪᠣᠯᠤᠨ ︽ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ | ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠢᠩ ᠾᠧ ᠰᠢᠶᠠᠨ ᠤ | ᠬᠤᠶᠠᠷ ᠭᠠᠵᠠᠷ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ | ᠬᠡᠪᠴᠢᠶ᠎ᠡ ᠶᠢ ᠵᠠᠭᠠᠭᠯᠠᠨ ᠲᠣᠭᠲᠠᠭᠠᠵᠤ ᠳᠣᠤᠷᠠᠬᠢ ᠮᠡᠲᠦ ᠵᠠᠷᠯᠠᠶ᠎ᠠ᠃ | ᠨᠢᠭᠡ᠂ ᠰᠢᠩ ᠾᠧ ᠰᠢᠶᠠᠨ ᠤ ︽ᠲᠦᠮᠡᠨ ᠣᠨ ᠤ ᠵᠠᠯᠠᠭᠤᠴᠤᠳ︾ ᠤᠨ ᠣᠩᠭᠤᠨ ᠤ ᠬᠦᠷᠢᠶᠡᠯᠡᠩ | ᠬᠠᠶ᠋ᠢᠭ᠄ ᠰᠢᠩ ᠾᠧ ᠰᠢᠶᠠᠨ ᠤ ᠡᠮᠦᠨ᠎ᠡ ᠣᠪᠣᠭ᠎ᠠ ᠶᠢᠨ ︽ᠲᠦᠮᠡᠨ ᠣᠨ ᠤ ᠵᠠᠯᠠᠭᠤ︾ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠤ ᠬᠦᠷᠢᠶᠡᠯᠡᠩ | ᠬᠠᠮᠠᠭᠠᠯᠠᠬᠤ ᠳᠡᠰ᠄ ᠰᠢᠶᠠᠨ ᠤ ᠱᠠᠲᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠲᠥᠬᠦᠭᠡᠷᠦᠮᠵᠢ | ᠬᠠᠮᠠᠭᠠᠯᠠᠬᠤ ᠬᠡᠪᠴᠢᠶ᠎ᠡ᠄ ᠰᠢᠩ ᠾᠧ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠤᠨ ᠬᠡᠰᠡᠭ ᠭᠠᠵᠠᠷ ᠤᠨ ᠤᠯᠠᠭᠠᠨ ᠱᠤᠭᠤᠮ ᠢᠶᠠᠷ ᠰᠠᠭᠤᠷᠢ ᠪᠠᠷᠢᠮᠵᠢᠶ᠎ᠠ ᠱᠤᠭᠤᠮ ᠪᠣᠯᠭᠠᠵᠤ᠂ | ᠣᠩᠭᠤᠨ ᠤ ᠬᠦᠷᠢᠶᠡᠯᠡᠩ ᠤᠨ ᠬᠡᠷᠡᠮ ᠢᠶᠠᠷ ᠵᠠᠭᠠᠭ ᠪᠣᠯᠭᠠᠨ᠎ᠠ᠃ | ᠬᠤᠶᠠᠷ᠂ ᠰᠢᠩ ᠾᠧ ᠰᠢᠶᠠᠨ ᠤ ᠰᠠᠶᠢᠬᠤᠰᠦ ᠶᠢᠨ ︽ᠲᠤᠯᠤᠭᠠᠨ ᠶᠡᠭᠡ ᠴᠢᠩ︾ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠤ ᠬᠦᠷᠢᠶᠡᠯᠡᠩ | ᠬᠠᠶ᠋ᠢᠭ᠄ ᠰᠢᠩ ᠾᠧ ᠰᠢᠶᠠᠨ ᠤ ᠰᠠᠶᠢᠬᠤᠰᠦ ᠶᠢᠨ ︽ᠴᠢ ᠳ᠋ᠠ ᠴᠢᠩ︾ ᠤᠨ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠤ ᠬᠦᠷᠢᠶᠡᠯᠡᠩ | ᠬᠠᠮᠠᠭᠠᠯᠠᠬᠤ ᠳᠡᠰ᠄ ᠰᠢᠶᠠᠨ ᠤ ᠱᠠᠲᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠲᠥᠬᠦᠭᠡᠷᠦᠮᠵᠢ | ᠬᠠᠮᠠᠭᠠᠯᠠᠬᠤ ᠬᠡᠪᠴᠢᠶ᠎ᠡ᠄ ᠰᠢᠩ ᠾᠧ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠤᠨ ᠬᠡᠰᠡᠭ ᠭᠠᠵᠠᠷ ᠤᠨ ᠤᠯᠠᠭᠠᠨ ᠱᠤᠭᠤᠮ ᠢᠶᠠᠷ ᠰᠠᠭᠤᠷᠢ ᠪᠠᠷᠢᠮᠵᠢᠶ᠎ᠠ ᠱᠤᠭᠤᠮ ᠪᠣᠯᠭᠠᠵᠤ᠂ | ᠣᠩᠭᠤᠨ ᠤ ᠬᠦᠷᠢᠶᠡᠯᠡᠩ ᠤᠨ ᠬᠡᠷᠡᠮ ᠢᠶᠠᠷ ᠵᠠᠭᠠᠭ ᠪᠣᠯᠭᠠᠨ᠎ᠠ᠃ | ᠣᠩᠭᠤᠨ ᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠶᠠᠮᠠᠷᠪᠠ ᠨᠢᠭᠡᠴᠢ ᠪᠤᠶᠤ ᠬᠤᠪᠢ ᠬᠦᠮᠦᠨ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠪᠦᠷᠢᠨ ᠪᠦᠲᠦᠨ ᠴᠢᠨᠠᠷ ᠢ ᠡᠪᠳᠡᠵᠦ ᠪᠣᠯᠬᠤ ᠦᠭᠡᠢ᠂ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷᠠᠬᠢ | ᠭᠠᠵᠠᠷ ᠰᠢᠷᠣᠢ ᠪᠠ ᠲᠥᠬᠦᠭᠡᠷᠦᠮᠵᠢ ᠶᠢ ᠡᠵᠡᠯᠡᠵᠦ ᠪᠣᠯᠬᠤ ᠦᠭᠡᠢ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠡᠯᠡᠳᠬᠡᠮᠵᠢ ᠶᠢ ᠬᠠᠤᠯᠢ ᠪᠤᠰᠤ ᠪᠠᠷ ᠡᠵᠡᠯᠡᠭᠰᠡᠨ᠂ | ᠡᠪᠳᠡᠭᠰᠡᠨ᠂ ᠪᠣᠬᠢᠷᠲᠤᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠨ᠎ᠠ︔ ᠬᠤᠬᠢᠷᠠᠯ ᠤᠴᠠᠷᠠᠭᠤᠯᠤᠭᠰᠠᠨ ᠪᠣᠯ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠡᠭᠦᠷᠭᠡᠯᠡᠭᠦᠯᠦᠨ᠎ᠡ︔ ᠡᠵᠡᠯᠡᠭᠳᠡᠭᠰᠡᠨ᠂ ᠡᠪᠳᠡᠭᠳᠡᠭᠰᠡᠨ᠂ ᠪᠣᠬᠢᠷᠲᠤᠭᠤᠯᠤᠭᠰᠠᠨ ᠳᠤᠷᠠᠰᠬᠠᠯ ᠤᠨ | ᠪᠡᠯᠡᠳᠬᠡᠮᠵᠢ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠲᠣᠭᠠᠴᠠᠭᠳᠠᠪᠠᠯ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ | ︾ ᠶᠢᠨ ᠲᠣᠭᠲᠠᠭᠠᠯ ᠶᠣᠰᠣᠭᠠᠷ ᠰᠢᠢᠳᠬᠡᠨ᠎ᠡ︔ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠦᠷᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠣᠯ ᠬᠠᠮᠢᠶ᠎ᠠ | ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠶ᠋ᠳᠪᠦᠷᠢᠯᠡᠨ᠎ᠡ᠃ | ᠱᠢᠩ ᠾᠧ ᠱᠢᠶᠠᠨ ᠶᠢᠨ ᠴᠡᠷᠢᠭ ᠠᠴᠠ ᠬᠠᠯᠠᠭ ᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | 2024 ᠣᠨ ᠤ 8 ᠰᠠᠷ᠎ᠠ ᠶᠢᠨ 26 ᠤ ᠡᠳᠦᠷ | | ᠢᠷᠡᠯᠲᠡ᠄ ᠰᠢᠩ ᠾᠧ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |