ᠰᠢᠩ ᠾᠧ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠳᠤ ︽ᠴᠠᠭᠳᠠᠭ᠎ᠠ︾ ᠶᠢᠨ ᠯᠣᠳ᠋ᠲ᠋ᠧᠷᠢ ᠶᠠᠷᠢᠨ᠎ᠠ
ᠨᠡᠶᠢᠲᠡᠯᠡᠭᠰᠡᠨ ᠴᠠᠭ᠄
2024/8/26
     ᠠᠯᠲᠠᠨ ᠨᠠᠮᠤᠷ ᠤᠨ ᠬᠦᠷᠭᠡᠯᠲᠡ ᠨᠢ ᠲᠠᠭᠠᠯᠠᠮᠵᠢᠲᠠᠶ᠂ ᠳ᠋ᠠᠨ ᠬᠦᠶ ᠠᠩᠬᠢᠯᠤᠮ᠎ᠠ ᠦᠨᠦᠷ ᠬᠠᠩᠬᠤᠯᠵᠤ᠂ ᠰᠢᠨ᠎ᠡ ᠰᠤᠷᠤᠯᠭ᠎ᠠ ᠶᠢᠨ ᠵᠢᠯ ᠤᠨ ᠬᠤᠩᠬᠤ ᠶᠢᠨ ᠳᠠᠭᠤᠨ ᠨᠢᠭᠡᠨᠲᠡ ᠳᠤᠤᠭᠠᠷᠪᠠ᠃ ᠰᠤᠷᠤᠭᠴᠢᠳ ᠤᠨ ᠬᠠᠤᠯᠢ ᠪᠠᠷ ᠵᠠᠰᠠᠬᠤ ᠦᠵᠡᠯᠲᠡ ᠪᠠ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠢ ᠪᠤᠢ ᠪᠣᠯᠭᠠᠬᠤ ᠶᠢᠨ ᠲᠥᠯᠥᠭᠡ᠃ 8 ᠰᠠᠷ᠎ᠠ ᠶᠢᠨ 23 ᠤ ᠡᠳᠦᠷ᠂ 24 ᠤ ᠡᠳᠦᠷ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠰᠤᠷᠭᠠᠭᠤᠯᠢ ᠡᠬᠢᠯᠡᠬᠦ ᠤᠯᠠᠷᠢᠯ︾ ᠢᠶᠠᠷ ᠠᠵᠠ ᠲᠣᠬᠢᠶᠠᠯ ᠪᠣᠯᠭᠠᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠬᠤᠯᠪᠣᠭᠳᠠᠯ ᠪᠥᠬᠦᠶ ᠠᠷᠠᠳ ᠤᠨ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠭᠦᠯᠦᠨ ᠂ ᠬᠠᠤᠯᠢ ᠪᠠᠷ ᠵᠠᠰᠠᠬᠤ ᠤᠬᠠᠭᠤᠯᠭ᠎ᠠ ᠬᠢᠵᠦ᠂ ︽ᠴᠠᠭᠳᠠᠭᠠᠨ ᠤ ᠬᠥᠬᠡ ᠥᠩᠭᠡ︾ ᠪᠠᠷ ᠰᠤᠷᠤᠭᠴᠢᠳ ᠢ ᠰᠠᠬᠢᠨ ᠬᠠᠮᠠᠭᠠᠯᠠᠬᠤ ︽ᠠᠮᠤᠷ ᠲᠦᠪᠰᠢᠨ ᠤ ᠰᠢᠬᠦᠷ︾ ᠢ ᠲᠤᠯᠭᠠᠭᠤᠷᠢᠯᠠᠵᠤ᠂ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠰᠠᠶᠢᠲᠤᠷ ᠶᠠᠷᠢᠨ᠎ᠠ᠃      ᠬᠤᠣᠷ ᠴᠠᠭᠠᠵᠠᠯᠠᠬᠤ ᠤᠬᠠᠭᠤᠯᠭ᠎ᠠ ᠶᠢᠨ ︽ᠨᠢᠭᠡᠳᠦᠭᠡᠷ ᠬᠢᠴᠢᠶᠡᠯ︾      ᠨᠥᠬᠦᠳ ᠮᠢᠨᠢ ᠦᠵᠡᠭᠡᠷᠡᠢ᠂ ᠡᠨᠡ ᠰᠦ ᠲᠠᠢ ᠴᠠᠢ ᠶᠢᠨ ᠪᠣᠭᠴᠣᠨ ᠳᠤ ᠤᠮᠳᠠᠭᠠᠨ ᠪᠠᠶᠢᠨ᠎ᠠ ᠤᠤ︖ ᠡᠨᠡ ᠪᠣᠯ ︿ᠭᠤᠷᠪᠠᠳᠤᠭᠠᠷ ᠦᠶ᠎ᠡ ᠶᠢᠨ ᠰᠢᠨ᠎ᠡ ᠬᠡᠯᠪᠡᠷᠢ ᠶᠢᠨ ᠬᠤᠤᠷᠲᠤ ᠡᠳ᠋﹀ ᠤᠨ ᠬᠠᠤᠯᠢ ᠪᠤᠰᠤ ᠡᠲᠡᠭᠡᠳ K ᠨᠤᠨᠳᠠᠭ ᠪᠠ ᠮᠥᠰᠥ ᠴᠠᠰᠤᠨ ᠤ ᠬᠤᠤᠷ ᠢ ᠬᠤᠯᠢᠯᠳᠤᠭᠤᠯᠤᠨ ᠣᠷᠣᠭᠤᠯᠵᠤ᠂ ᠴᠢ ᠤᠤᠭᠤᠪᠠᠯ ᠳᠠᠷᠤᠢ ᠰᠡᠳᠬᠢᠯ ᠲᠣᠳᠣᠷᠬᠠᠶ ᠥᠬᠡᠶ ᠪᠣᠯᠤᠨ᠎ᠠ︾ ᠭᠡᠵᠡᠢ᠃ ᠬᠢᠴᠢᠶᠡᠯ ᠳᠡᠭᠡᠷ᠎ᠡ᠂ ᠬᠤᠤᠷ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠤᠤᠷ ᠴᠠᠭᠠᠵᠠᠯᠠᠬᠤ ᠤᠬᠠᠭᠤᠯᠭ᠎ᠠ ᠶᠢᠨ ᠣᠬᠤᠷ ᠸᠢᠳᠢᠣ᠋ ᠵᠢᠴᠢ ᠬᠤᠤᠷᠲᠤ ᠡᠳ᠋ ᠤᠨ ᠥᠯᠢᠭᠡᠷ ᠬᠡᠪ ᠢ ᠨᠡᠪᠲᠡᠷᠡᠭᠦᠯᠬᠦ ᠪᠠᠷ ᠳᠠᠮᠵᠢᠭᠤᠯᠤᠨ ᠬᠠᠮᠲᠤ ᠰᠤᠷᠤᠭᠴᠢᠳ ᠲᠤ ᠬᠤᠤᠷᠲᠤ ᠡᠳ᠋ ᠤᠨ ᠲᠥᠷᠥᠯ ᠵᠤᠶᠢᠯ᠂ ᠣᠨᠴᠠᠯᠢᠭ ᠪᠠ ᠬᠤᠤᠷ ᠬᠥᠨᠥᠭᠡᠯ ᠢ ᠨᠠᠷᠢᠨ ᠲᠠᠨᠢᠯᠴᠠᠭᠤᠯᠪᠠ᠃ ᠬᠠᠮᠲᠤ ᠰᠤᠷᠤᠭᠴᠢᠳ ᠲᠤ ᠬᠤᠤᠷᠲᠤ ᠡᠳ᠋ ᠤᠨ ᠲᠠᠯ᠎ᠠ ᠳᠤ ᠨᠢᠭᠤᠵᠤ ᠮᠡᠳᠡᠬᠦ ᠶᠢ ᠭᠦᠨᠵᠡᠭᠡᠶ ᠲᠠᠨᠢᠭᠤᠯᠵᠤ᠂ ᠵᠢᠭᠠᠬᠠᠨ ᠪᠣᠯᠭᠤᠮᠵᠢ ᠥᠬᠡᠶ ᠪᠠᠶᠢᠪᠠᠯ ᠬᠤᠤᠷᠲᠤ ᠡᠳ᠋ ᠤᠨ ᠤᠨᠠᠭᠤᠯᠢ ᠳᠤ ᠣᠷᠣᠬᠤ ᠪᠣᠯᠤᠨ᠎ᠠ᠃      ᠰᠦᠯᠵᠢᠶᠡᠨ ᠤ ᠠᠮᠤᠷ ᠲᠦᠪᠰᠢᠨ ᠤ ︽ᠨᠢᠭᠡᠳᠦᠭᠡᠷ ᠬᠢᠴᠢᠶᠡᠯ︾      ᠰᠤᠷᠤᠭᠴᠢᠳ ᠡ᠂ ᠲᠠ ᠨᠠᠷ ᠰᠦᠯᠵᠢᠶᠡᠨ ᠳᠤ ᠭᠠᠷᠬᠤ ᠦᠶ᠎ᠡ ᠳᠤ ᠵᠠᠷᠢᠮ ᠨᠢ ᠰᠣᠨᠢᠨ ᠶᠠᠭᠤᠮ᠎ᠠ ᠣᠯᠵᠤ ᠦᠵᠡᠭᠰᠡᠨ ᠦᠭᠡᠢ ᠦᠦ︖︾ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠲᠣᠯᠣᠭᠠᠢ ᠳᠣᠬᠢᠵᠦ᠂ ᠥᠪᠡᠷ ᠤᠨ ᠥᠩᠭᠡᠷᠡᠯᠲᠡ ᠪᠠᠨ ᠬᠤᠪᠢᠶᠠᠯᠴᠠᠪᠠ᠃ ︽ᠤᠯᠠᠨ ᠢᠶᠠᠷ ᠢᠶᠠᠨ ᠰᠦᠯᠵᠢᠶᠡᠨ ᠳᠡᠭᠡᠷᠡᠬᠢ ᠴᠤᠤᠷᠬᠠᠯ ᠢ ᠦᠢᠯᠡᠳᠴᠤ ᠤᠯᠠᠮᠵᠢᠯᠠᠬᠤ ᠳᠤ ᠶᠠᠮᠠᠷ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠶᠢ ᠮᠡᠳᠡᠬᠦ ᠪᠤᠢ︖ ᠰᠦᠯᠵᠢᠶᠡᠨ ᠤ ᠠᠮᠤᠷ ᠲᠦᠪᠰᠢᠨ ᠤ ᠶᠡᠭᠡ ᠠᠩᠬᠢ ᠶᠢᠨ ᠠᠷᠠᠳ ᠤᠨ ᠴᠠᠭᠳᠠᠭ᠎ᠠ ᠰᠤᠷᠤᠭᠴᠢᠳ ᠲᠤ ᠰᠦᠯᠵᠢᠶᠡᠨ ᠤ ᠴᠤᠤᠷᠬᠠᠯ ᠤᠨ ᠦᠷᠭᠦᠯᠵᠢ ᠲᠣᠬᠢᠶᠠᠯᠳᠤᠳᠠᠭ ᠲᠦᠷᠦᠯ ᠵᠦᠢᠯ ᠢ ᠨᠠᠷᠢᠨ ᠲᠠᠨᠢᠯᠴᠠᠭᠤᠯᠵᠤ᠂ ᠵᠢᠱᠢᠶᠡᠯᠡᠪᠡᠯ ᠬᠤᠳᠠᠯ ᠬᠠᠭᠤᠷᠮᠠᠭ ᠰᠣᠨᠢᠨ ᠮᠡᠳᠡᠭᠡ᠂ ᠮᠠᠭᠤ ᠰᠠᠨᠠᠭ᠎ᠠ ᠲᠠᠢ ᠪᠠᠷ ᠰᠠᠷᠢᠭᠠᠯᠠᠬᠤ᠂ ᠴᠤᠤᠷᠬᠠᠯ ᠢᠶᠠᠷ ᠤᠯᠠᠨ ᠢ ᠦᠢᠮᠡᠬᠦᠯᠬᠦ ᠵᠡᠷᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠦᠯᠵᠢᠶᠡᠨ ᠤ ᠴᠤᠤᠷᠬᠠᠯ ᠠᠴᠠ ᠪᠣᠯᠤᠭᠰᠠᠨ ᠰᠢᠯᠲᠠᠭᠠᠨ ᠪᠠ ᠤᠯᠠᠮᠵᠢᠯᠠᠨ ᠲᠠᠷᠬᠠᠭᠠᠬᠤ ᠠᠷᠭ᠎ᠠ ᠵᠠᠮ ᠢ ᠵᠠᠳᠠᠯᠪᠠ᠃ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ᠂ ᠪᠠᠶᠢᠨ ᠪᠠᠶᠢᠨ ᠰᠣᠴᠢᠨ ᠭᠠᠶᠢᠬᠠᠭᠰᠠᠨ ᠰᠡᠳᠬᠢᠯᠭᠡ ᠪᠠᠨ ᠢᠯᠡᠳᠬᠡᠵᠦ᠂ ᠰᠦᠯᠵᠢᠶᠡᠨ ᠤ ᠴᠤᠤᠷᠬᠠᠯ ᠤᠨ ᠬᠦᠨᠳᠦ ᠨᠣᠴᠢᠲᠠᠢ ᠴᠢᠨᠠᠷ ᠢ ᠭᠦᠨᠵᠡᠭᠡᠢ ᠣᠶᠢᠯᠠᠭᠠᠪᠠ᠃ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠠᠮᠠᠯᠳᠤᠵᠤ᠂ ᠬᠤᠶᠢᠰᠢᠳᠠ ᠶᠢᠨ ᠰᠦᠯᠵᠢᠶᠡᠨ ᠤ ᠠᠮᠢᠳᠤᠷᠠᠯ ᠳᠤᠮᠳᠠ᠂ ᠣᠶᠤᠨᠴᠢ ᠪᠥᠭᠡᠳ ᠪᠤᠰᠤᠳᠴᠢ ᠪᠠᠶᠢᠵᠤ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠵᠤ᠂ ᠡᠷᠡᠭᠦᠯ ᠴᠢᠭᠢᠷᠠᠭ᠂ ᠪᠣᠯᠪᠠᠰᠤᠨ᠂ ᠡᠶ᠎ᠡ ᠵᠣᠬᠢᠴᠠᠩᠭᠤᠶ ᠰᠦᠯᠵᠢᠶᠡᠨ ᠤ ᠣᠷᠣᠨ ᠵᠠᠶ ᠶᠢ ᠬᠠᠮᠲᠤ ᠪᠠᠷ ᠬᠠᠮᠠᠭᠠᠯᠠᠨ᠎ᠠ ᠭᠡᠵᠦ ᠠᠮᠠᠯᠠᠪᠠ᠃      ᠵᠠᠮ ᠬᠠᠷᠢᠯᠴᠠᠭᠠᠨ ᠤ ᠠᠮᠤᠷ ᠲᠦᠪᠰᠢᠨ ᠤ ︽ᠨᠢᠭᠡᠳᠦᠭᠡᠷ ᠬᠢᠴᠢᠶᠡᠯ︾      ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠢᠴᠢᠶᠡᠯ ᠳᠡᠭᠡᠷ᠎ᠡ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠡᠩ ᠲᠡᠷᠢᠭᠦᠨ ᠳᠤ ᠵᠠᠮ ᠬᠠᠷᠢᠯᠴᠠᠭᠠᠨ ᠤ ᠲᠦᠷᠢᠮ ᠢ ᠵᠢᠷᠤᠮᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠰᠤᠷᠤᠭᠴᠢᠳ ᠵᠠᠮ ᠬᠠᠷᠢᠯᠴᠠᠭᠠᠨ ᠤ ᠲᠦᠷᠢᠮ ᠢ ᠵᠢᠷᠤᠮᠯᠠᠵᠤ᠂ ᠠᠮᠢᠳᠤᠷᠠᠯ ᠤᠨ ᠳᠤᠮᠳᠠ ᠡᠷᠬᠡᠪᠰᠢ ᠠᠮᠤᠷ ᠲᠦᠪᠰᠢᠨ ᠢᠶᠠᠷ ᠭᠠᠳᠠᠭᠰᠢ ᠭᠠᠷᠬᠤ ᠬᠡᠷᠡᠭᠲᠡᠶ ᠭᠡᠵᠦ ᠱᠠᠭᠠᠷᠳᠠᠪᠠ᠃ ︽ᠨᠢᠭᠡ ᠳᠤᠭᠤᠯᠠᠭ᠎ᠠ ᠨᠢᠭᠡ ᠪᠦᠰᠡ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ︾ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠠᠮᠤᠷ ᠲᠦᠪᠰᠢᠨ ᠤ ᠳᠤᠭᠤᠯᠠᠭ᠎ᠠ ᠵᠡᠭᠦᠭᠰᠡᠨ ᠦᠭᠡᠶ ᠠᠴᠠ ᠪᠣᠯᠤᠭᠰᠠᠨ ᠠᠮᠤᠷ ᠲᠦᠪᠰᠢᠨ ᠤ ᠳᠠᠯᠳᠠ ᠭᠡᠮ ᠢ ᠭᠦᠨᠵᠡᠭᠡᠶ ᠵᠠᠳᠠᠯᠵᠤ᠂ ᠤᠯᠠᠭᠠᠨ ᠳ᠋ᠧᠩ ᠢ ᠭᠡᠲᠦᠯᠬᠦ᠂ ᠬᠤᠷᠳᠤᠴᠠ ᠬᠡᠲᠦᠷᠡᠬᠦ᠂ ᠰᠥᠷᠭᠡᠦ ᠶᠠᠪᠤᠬᠤ᠂ ᠲᠡᠷᠭᠡ ᠵᠢᠯᠣᠭᠤᠳᠴᠤ ᠤᠲᠠᠰᠤ ᠲᠣᠰᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠤᠭᠰᠠᠨ ᠬᠦᠨᠳᠦ ᠨᠣᠴᠢᠲᠠᠶ ᠦᠷ᠎ᠡ ᠳ᠋ᠦᠩ ᠢ ᠭᠤᠤᠯᠳᠠᠯᠭ᠎ᠠ ᠲᠠᠢ ᠴᠢᠬᠤᠯᠠᠴᠢᠯᠠᠵᠤ᠂ ᠰᠤᠷᠤᠭᠴᠢᠳ ᠲᠤ ᠠᠮᠤᠷ ᠲᠦᠪᠰᠢᠨ ᠤ ᠳᠤᠭᠤᠯᠠᠭ᠎ᠠ ᠶᠢ ᠵᠥᠪ ᠵᠡᠭᠦᠬᠦ ᠶᠢᠨ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠭᠰᠠᠨ ᠪᠥᠭᠡᠳ ᠲᠤᠬᠠᠶ ᠶᠢᠨ ᠲᠠᠯᠠᠪᠤᠷ ᠲᠤ ᠠᠮᠤᠷ ᠲᠦᠪᠰᠢᠨ ᠤ ᠳᠤᠭᠤᠯᠠᠭ᠎ᠠ ᠶᠢ ᠬᠡᠷᠬᠢᠨ ᠵᠥᠪ ᠵᠡᠭᠦᠵᠦ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠶᠠᠪᠤᠵᠤ ᠰᠠᠭᠤᠬᠤ ᠳᠠᠳᠬᠠᠯ ᠲᠠᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃              ᠬᠠᠤᠯᠢ ᠶᠢ ᠣᠶᠢᠯᠠᠭᠠᠵᠤ ᠮᠡᠳᠡᠬᠦ ︽ᠠᠩᠬᠠᠨ ᠤ ᠬᠢᠴᠢᠶᠡᠯ︾      ︽ᠰᠤᠷᠤᠭᠴᠢᠳ ᠡ᠂ ᠲᠠ ᠨᠠᠷ ᠶᠠᠭᠤᠨ ᠳᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠣᠯᠬᠤ ᠶᠢ ᠮᠡᠳᠡᠨ᠎ᠡ ᠦᠦ︖ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠲᠣᠬᠢᠶᠠᠯᠳᠤᠪᠠᠯ ᠶᠠᠭᠠᠬᠢᠬᠤ ᠪᠤᠢ︖ ᠬᠠᠤᠯᠢ ᠳᠦᠷᠢᠮ ᠤᠨ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠪᠣᠳᠠᠲᠤ ᠪᠠᠶᠢᠳᠠᠯ ᠪᠠ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠲᠠᠶᠢᠯᠤᠮᠵᠢ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠰᠡᠳᠬᠢᠴᠡ ᠶᠢᠨ ᠨᠠᠰᠤᠨ ᠤ ᠣᠨᠴᠠᠯᠢᠭ᠂ ᠲᠠᠨᠢᠨ ᠮᠡᠳᠡᠬᠦᠢ ᠶᠢᠨ ᠬᠢᠷᠢ ᠲᠦᠪᠰᠢᠨ ᠪᠠ ᠰᠡᠳᠬᠢᠬᠦᠶ ᠶᠢ ᠢᠯᠭᠠᠨ ᠲᠠᠨᠢᠬᠤ ᠴᠢᠳᠠᠪᠤᠷᠢ ᠶᠢᠨ ᠲᠠᠯ᠎ᠠ ᠠᠴᠠ ᠡᠭᠦᠰᠴᠦ᠂ ᠰᠤᠷᠭᠠᠭᠤᠯᠢ ᠶᠢᠨ ᠡᠷᠬᠢᠨ ᠲᠣᠭᠤᠷᠢᠨ᠂ ᠰᠤᠷᠤᠭᠴᠢᠳ ᠤᠨ ᠳᠡᠷᠭᠡᠳᠡ ᠡᠭᠦᠰᠦᠭᠰᠡᠨ ᠡᠯ᠎ᠡ ᠲᠥᠷᠥᠯ ᠤᠨ ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠵᠢᠭᠠᠬᠤ ᠮᠠᠲ᠋ᠧᠷᠢᠶᠠᠯ ᠪᠣᠯᠭᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ᠂ ᠬᠤᠤᠷᠲᠤ ᠡᠳ᠋ ᠠᠴᠠ ᠵᠠᠶᠢᠳᠠᠬᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠰᠤᠷᠤᠭᠴᠢᠳ ᠤᠨ ᠬᠠᠤᠯᠢ ᠶᠢ ᠰᠤᠷᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠪᠠ᠃      ︽ᠥᠨᠥᠳᠦᠷ ᠤᠨ ᠠᠷᠠᠳ ᠤᠨ ᠴᠠᠭᠳᠠᠭ᠎ᠠ ᠪᠢᠳᠡᠨ ᠳᠤ ︿ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ﹀ ᠢ ᠣᠯᠭᠤᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠰᠦᠯᠵᠢᠶᠡᠨ ᠤ ᠴᠤᠤᠷᠬᠠᠯ ᠳᠤ ᠴᠣᠬᠢᠯᠲᠠ ᠥᠭᠬᠦ᠂ ᠬᠤᠤᠷᠲᠤ ᠡᠳ᠋ ᠤᠨ ᠵᠠᠯᠠᠭᠤᠴᠤᠳ ᠪᠠᠭᠠᠴᠤᠳ ᠲᠤ ᠦᠵᠡᠭᠦᠯᠬᠦ ᠬᠤᠤᠷ ᠬᠥᠨᠥᠭᠡᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠮᠡᠳᠡᠯᠭᠡ ᠶᠢ ᠪᠢᠳᠡᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠤᠶᠢᠰᠢᠳᠠ ᠶᠢᠨ ᠠᠮᠢᠳᠤᠷᠠᠯ ᠳᠤᠮᠳᠠ ᠪᠢ ᠪᠠᠰᠠ ᠡᠳᠡᠭᠡᠷ ᠮᠡᠳᠡᠯᠭᠡ ᠶᠢ ᠳᠡᠷᠭᠡᠳᠡᠬᠢ ᠨᠠᠶᠢᠵᠠ ᠳᠠᠭᠠᠨ ᠬᠡᠯᠡᠵᠦ ᠥᠭᠭᠦᠨ᠎ᠡ︾ ᠭᠡᠵᠦ ᠬᠡᠯᠡᠵᠦ ᠥᠭᠪᠡ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠢᠨ ᠰᠤᠷᠤᠭᠴᠢ ᠵᠠᠩ ᠣᠪᠣᠭᠲᠤ ᠬᠡᠯᠡᠪᠡ᠃      ︽ᠴᠠᠭᠳᠠᠭ᠎ᠠ︾ ᠶᠢᠨ ᠭᠡᠷᠡᠯ ᠵᠢᠷᠤᠭ ᠤᠨ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠨᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠬᠦᠴᠦᠲᠡᠶ ᠳᠡᠭᠡᠭᠰᠢᠯᠡᠭᠦᠯᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠰᠠᠭᠤᠷᠢ ᠶᠢ ᠪᠠᠲᠤᠳᠬᠠᠵᠠᠶ᠃ ᠳᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ︽ᠴᠠᠭᠳᠠᠭᠠᠨ ᠤ ᠬᠥᠬᠡ ᠥᠩᠭᠡ︾ ᠪᠠᠷ ᠰᠤᠷᠤᠭᠴᠢᠳ ᠤᠨ ︽ᠠᠮᠤᠷ ᠲᠦᠪᠰᠢᠨ ᠤ ᠰᠢᠬᠦᠷ︾ ᠢ ᠦᠨᠡᠨ ᠬᠦ ᠲᠤᠯᠭᠠᠭᠤᠷᠢᠯᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨ ᠬᠦ ᠪᠠᠲᠤᠯᠠᠨ᠎ᠠ᠃             ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3