ᠰᠢᠩ ᠾᠧ ᠰᠢᠶᠠᠨ ᠤ 2024 ᠣᠨ ᠤ ᠲᠠᠪᠤᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/8/26
     8 ᠰᠠᠷ᠎ᠠ ᠶᠢᠨ 23 ᠤ ᠡᠳᠦᠷ᠂ ᠲᠡᠷᠢᠭᠦᠨ ᠳᠡᠳ᠋ ᠤᠨ ᠶᠡᠷᠦᠩᠬᠡᠢ  ᠰᠢᠢᠳᠪᠤᠷᠢᠲᠤ ᠤᠷᠤᠯᠳᠤᠭᠠᠨ ᠤ ᠲᠡᠭᠦᠰᠬᠦ ᠳᠠᠭᠤᠨ ᠭᠠᠷᠴᠤ᠂ 5 ᠡᠳᠦᠷ ᠤᠨ ᠲᠠᠪᠤᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠡᠷᠡᠭᠲᠡᠢ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠤ ᠪᠦᠬᠦ ᠶᠠᠪᠤᠴᠠ ᠨᠢ ᠪᠠᠴᠢᠮ᠂ ᠰᠡᠲᠡᠯᠲᠡ᠂ ᠬᠤᠷᠴᠠ ᠰᠢᠷᠦᠭᠦᠨ ᠥᠷᠢᠰᠦᠯᠳᠦᠭᠡᠨ ᠤ ᠳᠠᠷᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠲᠡᠭᠦᠰᠬᠦ ᠶᠣᠰᠣᠯᠠᠯ ᠳᠤ ᠣᠷᠣᠯᠴᠠᠪᠠ᠃
     ᠰᠢᠢᠳᠪᠦᠷᠢᠲᠦ ᠤᠷᠤᠯᠳᠤᠭᠠᠨ ᠳᠤ ᠡᠯ᠎ᠡ ᠲᠥᠯᠥᠭᠡᠯᠡᠭᠴᠢᠳ ᠤᠨ ᠠᠩᠭᠢ ᠶᠢᠨ ᠭᠡᠰᠢᠭᠦᠳ ᠰᠠᠭᠰᠤᠨ ᠪᠥᠮᠪᠦᠭᠡ ᠶᠢᠨ ᠤᠷ᠎ᠠ ᠮᠡᠷᠭᠡᠵᠢᠯ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠲᠡᠳᠡ ᠪᠥᠮᠪᠥᠭᠡᠨ ᠲᠠᠯᠠᠪᠠᠢ ᠳᠡᠭᠡᠷ᠎ᠡ ᠢᠳᠡᠪᠬᠢᠲᠡᠶ ᠪᠠᠷ ᠭᠦᠶᠦᠨ ᠣᠴᠢᠵᠤ᠂ ᠰᠡᠳᠬᠢᠯ ᠨᠢᠭᠡᠳᠦᠨ ᠬᠠᠮᠵᠢᠯᠴᠠᠵᠤ᠂ ᠳᠠᠭᠠᠷᠢᠯᠲᠠ ᠬᠢᠬᠦ ᠦᠶ᠎ᠡ ᠳᠤ ᠡᠷᠡᠰ ᠰᠢᠭᠤᠷᠬᠠᠶ ᠬᠤᠷᠴᠠ ᠰᠢᠷᠦᠭᠦᠨ ᠪᠥᠭᠡᠳ ᠰᠡᠷᠭᠡᠶᠢᠯᠡᠨ ᠬᠠᠮᠠᠭᠠᠯᠠᠬᠤ ᠦᠶ᠎ᠡ ᠳᠤ ᠴᠢᠩᠭ᠎ᠠ ᠨᠢᠮᠪᠠᠶ ᠡᠮᠬᠢ ᠵᠢᠷᠤᠮ ᠲᠠᠢ ᠪᠠᠶᠢᠪᠠ᠃ ᠪᠥᠮᠪᠦᠭᠡ ᠣᠷᠣᠭᠤᠯᠬᠤ᠂ ᠤᠳᠠᠭ᠎ᠠ ᠪᠦᠷᠢ ᠶᠢᠨ ᠠᠮᠵᠢᠯᠲᠠ ᠲᠠᠢ ᠬᠤᠷᠢᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠤᠷᠠᠶᠢᠯᠠᠬᠤ ᠳᠠᠭᠤᠨ ᠢ ᠣᠯᠤᠭᠰᠠᠨ ᠪᠠᠶᠢᠨ᠎ᠠ᠃      ᠲᠡᠭᠦᠰᠬᠦ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠪᠥᠮᠪᠥᠭᠡᠴᠢᠳ ᠤᠨ ᠴᠢᠷᠠᠢ ᠳᠤ ᠴᠥᠮ ᠣᠮᠤᠭ ᠪᠠᠭ᠋ᠠᠳᠤᠯ ᠪᠠ ᠪᠠᠶᠠᠷ ᠪᠠᠭ᠋ᠠᠳᠤᠯ ᠪᠢᠯᠬᠠᠵᠤ᠂ ᠲᠤᠬᠠᠶ ᠶᠢᠨ ᠲᠠᠯᠠᠪᠠᠶ ᠶᠢᠨ ᠬᠦᠨᠳᠦᠲᠦ ᠵᠣᠴᠢᠳ ᠵᠢᠴᠢ ᠮᠠᠰᠢ ᠣᠯᠠᠨ ᠬᠠᠯᠠᠭᠤᠨ ᠰᠡᠳᠬᠢᠯᠭᠡ ᠨᠢ ᠡᠨᠡᠬᠦ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃ 5 ᠡᠳᠦᠷ ᠤᠨ ᠤᠷᠤᠯᠳᠤᠭᠠᠨ ᠳᠤ᠂ 15 ᠡᠩᠨᠡᠭᠡ ᠪᠦᠯᠬᠦᠮᠳᠡᠨ ᠬᠠᠮᠵᠢᠯᠴᠠᠵᠤ ᠂ ᠡᠷᠡᠯᠬᠡᠭᠯᠡᠨ ᠲᠡᠮᠡᠴᠡᠵᠦ᠂ ᠰᠠᠭᠰᠤᠨ ᠪᠥᠮᠪᠦᠭᠡ ᠶᠢᠨ ᠤᠷ᠎ᠠ ᠮᠡᠷᠭᠡᠵᠢᠯ ᠤᠨ ᠬᠢᠷᠢ ᠲᠦᠪᠰᠢᠨ ᠪᠣᠯᠤᠨ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠤ ᠬᠡᠪ ᠰᠤᠷᠲᠠᠯ ᠢ ᠢᠯᠡᠷᠡᠭᠦᠯᠵᠦ᠂ ᠲᠡᠳᠡ ᠬᠦᠴᠦ ᠬᠥᠯᠥᠰᠥ ᠪᠣᠯᠤᠨ ᠰᠠᠭᠰᠤᠨ ᠪᠥᠮᠪᠦᠭᠡ ᠪᠠᠨ ᠬᠠᠶᠢᠷᠠᠯᠠᠬᠤ ᠰᠡᠳᠬᠢᠯᠭᠡ ᠪᠠᠨ ᠴᠢᠷᠮᠠᠶᠢᠨ ᠲᠠᠶᠢᠯᠪᠤᠷᠢᠯᠠᠵᠤ᠂ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠤᠷᠤᠯᠳᠤᠭᠠᠨ ᠢ ᠠᠪᠴᠢᠷᠠᠭᠰᠠᠨ ᠪᠠᠶᠢᠨ᠎ᠠ᠃ ᠡᠴᠦᠰ ᠲᠤ᠂ ᠡᠦ ᠭᠦ᠋ ᠴᠢᠤᠸᠠᠨ ᠰᠢᠶᠠᠩ ᠤᠨ ᠲᠥᠯᠥᠭᠡᠯᠡᠭᠴᠢᠳ ᠤᠨ ᠠᠩᠭᠢ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠵᠢᠴᠢ ᠨᠠᠮ ᠵᠠᠰᠠᠭ ᠤᠨ ᠬᠤᠯᠪᠣᠭᠠᠲᠤ ᠠᠩᠭᠢ ᠲᠣᠰ ᠲᠣᠰ ᠲᠡᠷᠢᠭᠦᠨ᠂ ᠳᠡᠳ᠋᠂ ᠭᠤᠷᠪᠠᠳᠤᠭᠠᠷ ᠲᠤ ᠣᠷᠣᠵᠠᠶ᠃      ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠣᠣ ᠬᠤᠶ ᠵᠢᠤᠢ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠱᠠᠩᠨᠠᠯ ᠭᠥᠷᠳᠡᠭᠰᠡᠨ ᠲᠥᠯᠥᠭᠡᠯᠡᠭᠴᠢᠳ ᠤᠨ ᠠᠩᠭᠢ ᠳᠤ ᠱᠠᠩᠨᠠᠯ ᠣᠯᠭᠤᠭᠰᠠᠨ ᠪᠥᠭᠡᠳ ᠲᠣᠰ ᠤᠳᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠮᠢᠷᠴᠢᠳ ᠤᠨ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠥᠭᠡᠳ ᠣᠯᠠᠨ ᠢᠶᠠᠷ ᠢᠶᠠᠨ ᠡᠨᠡ ᠬᠦ ᠪᠦᠯᠬᠦᠮᠳᠡᠨ ᠲᠡᠮᠡᠴᠡᠬᠦ᠂ ᠵᠣᠷᠢᠭᠲᠠᠶ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠵᠣᠷᠢᠭ ᠰᠠᠨᠠᠭ᠎ᠠ ᠶᠢ ᠠᠵᠢᠯ ᠪᠠ ᠠᠮᠢᠳᠤᠷᠠᠯ ᠳᠤ ᠠᠪᠴᠢᠷᠠᠵᠤ᠂ ᠥᠪᠡᠷ ᠤᠨ ᠪᠠᠶᠢᠭ᠎ᠠ ᠬᠦᠷᠢᠶᠡᠨ ᠳᠠᠬᠢ ᠬᠥᠭᠵᠢᠯᠲᠡ ᠳᠡᠭᠡᠨ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3