ᠯᠢ ᠺᠠᠶ ᠳ᠋ᠦᠩ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/27
     8 ᠰᠠᠷ᠎ᠠ ᠶᠢᠨ 18᠎ ᠤ ᠡᠳᠦᠷ ᠠᠴᠠ 8 ᠰᠠᠷ᠎ᠠ ᠶᠢᠨ 23᠎ ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠪᠦᠯᠬᠦᠮ ᠳᠠᠭᠠᠭᠤᠯᠤᠨ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠠᠨᠾᠦ᠋ᠢ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ᠃      ᠯᠢ ᠺᠠᠶ ᠳ᠋ᠦᠩ ᠨᠡᠷ ᠤᠷᠢᠳ ᠬᠤᠵᠢᠳ ᠭᠤᠸᠠᠩᠰᠢ ᠶᠢᠨ ᠯᠢᠦ ᠵᠧᠤ ᠣᠨᠴᠠ ᠲᠥᠷᠥᠯ ᠤᠨ ᠬᠦᠴᠦᠳᠡᠯ ᠥᠭᠡᠷᠡᠴᠢᠯᠡᠭᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠭᠤᠸᠠᠩᠰᠢ ᠶᠢᠨ ᠭᠤᠸᠠᠩ ᠪᠠᠯᠠ ᠣᠷᠣᠭᠤᠯᠤᠯᠲᠠ ᠶᠢᠨ ᠵᠧᠩ ᠷᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠸᠠᠩᠰᠢ ᠶᠢᠨ ᠬᠥᠩᠭᠡᠨ ᠴᠠᠭᠠᠨ ᠤ ᠦᠢᠯᠡᠰ ᠤᠨ ᠪᠦᠯᠦᠭᠯᠡᠯ ᠤᠨ ᠬᠦᠶ ᠳ᠋ᠦᠩ ᠡᠯᠧᠺᠳ᠋ᠷᠣᠨ ᠬᠢᠵᠠᠭᠠᠷᠲᠤ ᠺᠣᠮᠫᠠᠨᠢ᠂ ᠠᠨᠾᠦ᠋ᠢ ᠮᠤᠵᠢ ᠶᠢᠨ ᠬᠠᠶ ᠯᠦᠸᠧ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠠᠨᠾᠦ᠋ᠢ ᠮᠤᠵᠢ ᠶᠢᠨ ᠮᠧᠩ ᠴᠧᠩ ᠰᠢᠶᠠᠨ ᠤ ᠴᠢᠶᠠᠩ ᠶᠢᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠲᠡᠮᠦᠷ ᠤᠨ ᠬᠠᠶᠢᠯᠤᠰᠢ ᠶᠢᠨ ᠲᠣᠭᠲᠠᠮᠠᠯ ᠭᠦᠶᠦᠳᠡᠯ ᠤᠨ ᠣᠨᠴᠠ ᠲᠥᠷᠥᠯ ᠤᠨ ᠬᠦᠴᠦᠳᠡᠯ ᠬᠤᠪᠢᠷᠠᠭᠤᠯᠬᠤ ᠲᠥᠬᠦᠭᠡᠷᠦᠮᠵᠢ᠂ ᠰᠢᠨ᠎ᠡ ᠡᠨᠧᠷᠭᠢ ᠶᠢᠨ ᠳ᠋ᠢᠶᠠᠨ ᡂᠢ ᠶᠢᠨ ᠡᠯᠧᠺᠳ᠋ᠷᠣᠨ ᠲᠣᠨᠤᠭ ᠲᠥᠬᠦᠭᠡᠷᠦᠮᠵᠢ᠂ ᠬᠡᠷᠡᠯ ᠴᠡᠨᠡᠭ ᠤᠨ ᠰᠢᠯ ᠤᠨ ᠲᠣᠨᠤᠭ ᠲᠥᠬᠦᠭᠡᠷᠦᠮᠵᠢ᠂ ᠨᠤᠭᠤᠰᠤᠨ ᠤ ᠡᠭᠦᠯᠳᠡᠷ ᠢ ᠦᠷᠡᠵᠢᠭᠦᠯᠦᠨ ᠪᠤᠶᠢᠵᠢᠭᠤᠯᠵᠤ ᠡᠳ᠋ᠰᠢᠭᠦᠯᠦᠨ ᠪᠣᠷᠣᠯᠠᠭᠤᠯᠬᠤ ᠵᠡᠷᠭᠡ ᠲᠥᠷᠥᠯ ᠵᠦᠢᠯ ᠤᠨ ᠲᠣᠭᠤᠷᠢᠨ ᠳᠤ ᠨᠠᠷᠢᠨ ᠨᠢᠭᠲᠠ ᠵᠣᠯᠭᠠᠭᠤᠯᠤᠨ ᠵᠥᠪᠳᠡᠯᠴᠡᠪᠡ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠯ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠭᠠᠷᠳᠠᠴᠠ ᠮᠥᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠵᠠᠮ ᠮᠥᠨ᠃ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ ᠭᠤᠣᠯᠳᠠᠯᠭ᠎ᠠ ᠪᠣᠯᠭᠠᠵᠤ᠂ ᠨᠢᠭᠡ ᠪᠦᠯᠦᠭ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ᠂ ᠥᠨᠳᠥᠷ ᠤᠷᠭᠤᠯᠲᠠ ᠶᠢᠨ ᠴᠢᠨᠠᠷᠲᠠᠢ ᠲᠦᠷᠦᠯ ᠵᠦᠢᠯ ᠢ ᠶᠡᠬᠡᠪᠡᠷ ᠣᠷᠣᠭᠤᠯᠤᠨ ᠠᠪᠴᠢᠷᠠᠬᠤ ᠬᠡᠷᠡᠭᠲᠡᠢ᠃ ᠡᠭᠦᠨ ᠤ ᠬᠠᠮᠲᠤ᠂ ᠲᠤᠰ ᠭᠠᠵᠠᠷ ᠤᠨ ᠠᠵᠤ ᠦᠢᠯᠡᠰ ᠲᠠᠢ ᠬᠠᠷᠢᠯᠴᠠᠨ ᠵᠣᠯᠭᠠᠯᠳᠤᠭᠰᠠᠨ᠂ ᠢᠵᠢ ᠪᠦᠷᠢᠳᠦᠭᠰᠡᠨ ᠲᠦᠷᠦᠯ ᠵᠦᠢᠯ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠨᠥᠯᠥᠭᠡᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠩ ᠠᠭᠤᠵᠢᠭᠤ᠂ ᠳᠥᠭᠦᠮ ᠳᠥᠲᠡ᠂ ᠥᠨᠳᠥᠷ ᠪᠦᠲᠦᠮᠵᠢᠲᠡᠶ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠤᠳᠠ ᠶᠢᠨ ᠴᠢᠳᠠᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠬᠤᠳᠠ ᠶᠢᠨ ᠶᠠᠰᠤ ᠴᠢᠨᠠᠷ ᠲᠦᠷᠢ ᠲᠥᠷᠬᠦ ᠶᠢ ᠳᠡᠭᠡᠭᠰᠢᠯᠡᠭᠦᠯᠵᠦ᠂ ᠪᠡᠯᠡ ᠣᠷᠣᠭᠤᠯᠤᠭᠴᠢᠳ ᠲᠤ ᠰᠠᠶᠢᠨ ᠰᠠᠶᠢᠬᠠᠨ ᠠᠵᠢᠯ ᠪᠠ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3