ᠣᠶᠢᠷ᠎ᠠ ᠳᠤ᠂ ᠳ᠋ᠠ ᠲᠦᠩ ᠶᠣᠣ ᠰᠢᠶᠠᠩ ᠬᠡᠰᠡᠭ ᠲᠥᠯᠥᠭᠡᠯᠡᠭᠴᠢ ᠭᠡᠰᠢᠭᠦᠨ᠂ ︽ᠲᠠᠪᠤᠨ ᠠᠬᠠᠮᠠᠳ︾ ᠤᠨ | ᠤᠬᠠᠭᠤᠯᠤᠨ ᠲᠠᠶᠢᠯᠪᠤᠷᠢᠯᠠᠭᠴᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠠᠵᠢᠯᠯᠠᠭᠴᠢ ᠶᠢ ᠵᠣᠬᠢᠶᠠᠨ ᠪᠠᠶᠢᠭᠤᠯᠵᠤ ᠲᠣᠰᠬᠤᠨ ᠡᠷᠦᠬᠡ ᠳᠤ ᠬᠦᠷᠴᠦ᠂ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ | ᠲᠣᠰᠬᠤᠨ ᠤ ᠠᠷᠠᠳ ᠲᠠᠢ ᠬᠠᠮᠲᠤ ᠰᠠᠭᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠤᠬᠠᠭᠤᠯᠤᠨ | ᠲᠠᠶᠢᠯᠪᠤᠷᠢᠯᠠᠭᠴᠢ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠤᠯᠠᠨ ᠲᠦᠮᠡᠨ ᠲᠠᠢ ᠤᠢᠢᠷᠠᠳᠤᠭᠰᠠᠨ᠂ ᠣᠶᠢᠯᠠᠭᠠᠵᠤ | ᠳᠡᠶᠢᠯᠬᠦ᠂ ᠰᠠᠭᠤᠬᠤ ᠠᠷᠭ᠎ᠠ ᠬᠡᠯᠪᠡᠷᠢ ᠪᠠᠷ ᠤᠯᠠᠨ ᠲᠦᠮᠡᠨ ᠤ ᠳᠤᠷᠠᠲᠠᠶ᠎ᠠ ᠬᠦᠯᠢᠶᠡᠨ ᠠᠪᠬᠤ ᠨᠤᠲᠤᠭ ᠤᠨ ᠠᠶᠠᠯᠭᠤ ᠶᠢ | ᠬᠡᠷᠡᠭᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ | ᠬᠤᠯᠪᠣᠭᠳᠠᠯ᠂ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠣᠯᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠰᠤᠷᠤᠯᠴᠠᠭᠰᠠᠨ ᠲᠦᠷᠦᠭᠳᠡᠯ ᠪᠣᠯᠤᠨ ᠲᠦᠷᠦᠭᠳᠡᠯ ᠢᠶᠠᠨ ᠬᠤᠪᠢᠶᠠᠯᠴᠠᠵᠤ᠂ ᠲᠣᠰᠬᠤᠨ ᠤ ᠠᠷᠠᠳ ᠲᠠᠢ | ᠬᠥᠳᠡᠭᠡ ᠲᠣᠰᠬᠤᠨ ᠤ ᠬᠥᠭᠵᠢᠯᠲᠡ ᠶᠢ ᠬᠠᠮᠲᠤᠪᠠᠷ ᠶᠠᠷᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ | ᠳ᠋ᠠ ᠲᠦᠩ ᠶᠣᠣ ᠰᠢᠶᠠᠩ ᠲᠥᠯᠥᠭᠡᠯᠡᠭᠴᠢ ᠭᠡᠰᠢᠭᠦᠳ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠬᠤ ︽ᠰᠢᠭᠤᠳ ᠨᠡᠪᠲᠡᠷᠡᠬᠦ ᠲᠡᠷᠭᠡ︾ ᠶᠢᠨ ᠳᠠᠪᠠᠭᠤᠯᠢᠭ ᠢ ᠠᠰᠢᠭᠯᠠᠨ᠂ ᠲᠥᠯᠥᠭᠡᠯᠡᠭᠴᠢ ᠭᠡᠰᠢᠭᠦᠳ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠤᠯᠠᠨ ᠲᠦᠮᠡᠨ ᠤ ᠳᠤᠮᠳᠠ ᠣᠴᠢᠭᠤᠯᠵᠤ᠂ ᠵᠠᠰᠠᠭ ᠤᠨ ᠶᠠᠪᠤᠳᠠᠯ ᠢ ᠠᠷᠠᠳ ᠠᠴᠠ | ᠠᠰᠠᠭᠤᠵᠤ᠂ ᠠᠷᠠᠳ ᠲᠦᠮᠡᠨ ᠤ ᠬᠡᠷᠡᠭᠴᠡᠭᠡ ᠶᠢ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠪᠠ᠃ | ︽ᠡᠨᠡ ᠵᠢᠯ ᠤᠨ ᠤᠯᠠᠭᠠᠨ ᠪᠤᠷᠴᠠᠭ᠂ ᠲᠥᠮᠥᠰᠥ ᠶᠢᠨ ᠮᠦ ᠪᠦᠷᠢ ᠶᠢᠨ ᠤᠨᠠᠯᠲᠠ ᠬᠡᠳᠦᠢ ᠪᠤᠢ︖ ︽ᠦᠷ᠎ᠡ | ᠠᠰᠢᠭ ᠨᠢ ᠶᠠᠮᠠᠷ ᠪᠤᠢ︖︾ ᠲᠥᠯᠥᠭᠡᠯᠡᠭᠴᠢ ᠭᠡᠰᠢᠭᠦᠳ ᠳ᠋ᠦᠩ ᠰᠠᠨ ᠳ᠋ᠤᠤ ᠭᠸᠦ ᠲᠣᠰᠬᠤᠨ ᠤ ᠤᠨᠴᠠᠯᠢᠬᠳᠤ ᠳᠠᠷᠢᠵᠤ | ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ | ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠲᠠᠢ ᠵᠣᠭᠤᠭᠳᠠᠵᠤ᠂ ᠬᠥᠭᠵᠢᠯᠲᠡ ᠶᠢᠨ ᠲᠤᠬᠠᠶ ᠶᠠᠷᠢᠯᠴᠠᠵᠤ᠂ ᠬᠥᠳᠡᠭᠡ | ᠲᠣᠰᠬᠤᠨ ᠤ ᠬᠥᠭᠵᠢᠯᠲᠡ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠡᠭᠦᠨ ᠤ ᠬᠠᠮᠲᠤ᠂ ᠲᠥᠯᠥᠭᠡᠯᠡᠭᠴᠢ ᠭᠡᠰᠢᠭᠦᠳ ᠡᠬᠢ | ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰ ᠪᠡᠶ᠎ᠡ ᠶᠢᠨ ᠬᠦᠷᠢᠶ᠎ᠡ ᠬᠡᠪᠴᠢᠶ᠎ᠡ ᠲᠠᠢ ᠪᠠᠨ | ᠤᠶᠠᠯᠳᠤᠭᠤᠯᠤᠨ᠂ ᠣᠯᠠᠨ ᠲᠦᠮᠡᠨ ᠳᠤ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠮᠡᠷᠭᠡᠵᠢᠯ ᠤᠨ ᠪᠣᠯᠪᠠᠰᠤᠷᠠᠭᠤᠯᠤᠯ᠂ | ᠬᠡᠷ ᠲᠤᠨᠢ ᠬᠦᠷᠴᠦ ︽ᠠᠰᠠᠭᠤᠨ ᠯᠠᠪᠯᠠᠬᠤ︾ ᠵᠡᠷᠭᠡ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ᠦᠢᠯᠡᠴᠢᠯᠡᠭᠡ ᠬᠠᠩᠭᠠᠪᠠ᠃ | ᠡᠭᠦᠨ ᠠᠴᠠ ᠭᠠᠳᠠᠨ᠎ᠠ᠂ ᠳ᠋ᠦᠩ ᠰᠠᠨ ᠳ᠋ᠤᠤ ᠭᠸᠦ ᠲᠣᠰᠬᠤᠨ ᠤ ᠬᠤᠯᠪᠣᠭ᠎ᠠ ᠠᠪᠬᠤ ᠥᠷᠲᠡᠭᠡ ᠶᠢᠨ | ᠬᠠᠷᠢᠭᠤᠴᠠᠯᠭᠠᠲᠠᠨ ᠪᠠᠰᠠ ᠬᠡᠰᠡᠭ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠮᠤᠩ ᠴᠢᠯᠠᠭᠤ ᠦᠢᠯᠡᠳᠪᠦᠷᠢᠯᠡᠬᠦ | ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ ᠪᠠᠶᠢᠴᠠᠭᠠᠨ ᠰᠤᠳᠤᠯᠵᠤ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠠᠭᠤᠳᠠᠯᠪᠠ᠃ | | ᠢᠷᠡᠯᠲᠡ᠄ ᠳ᠋ᠠ ᠲᠥᠩ ᠶᠣᠣ ᠰᠢᠶᠠᠩ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |