ᠳ᠋ᠠ ᠲᠦᠩ ᠶᠣᠣ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠄ ᠨᠢᠭᠡᠳᠦᠭᠡᠷ ᠹᠷᠣᠨᠲ ᠲᠤ ᠶᠠᠪᠤᠵᠤ ᠂ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/28
     ᠣᠶᠢᠷ᠎ᠠ ᠳᠤ᠂ ᠳ᠋ᠠ ᠲᠦᠩ ᠶᠣᠣ ᠰᠢᠶᠠᠩ ᠬᠡᠰᠡᠭ ᠲᠥᠯᠥᠭᠡᠯᠡᠭᠴᠢ ᠭᠡᠰᠢᠭᠦᠨ᠂ ︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠭᠴᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠲᠣᠰᠬᠤᠨ ᠡᠷᠦᠬᠡ ᠳᠤ ᠬᠦᠷᠴᠦ᠂ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠲᠣᠰᠬᠤᠨ ᠤ ᠠᠷᠠᠳ ᠲᠠᠢ ᠬᠠᠮᠲᠤ ᠰᠠᠭᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠭᠴᠢ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠤᠯᠠᠨ ᠲᠦᠮᠡᠨ ᠲᠠᠢ ᠤᠢᠢᠷᠠᠳᠤᠭᠰᠠᠨ᠂ ᠣᠶᠢᠯᠠᠭᠠᠵᠤ ᠳᠡᠶᠢᠯᠬᠦ᠂ ᠰᠠᠭᠤᠬᠤ ᠠᠷᠭ᠎ᠠ ᠬᠡᠯᠪᠡᠷᠢ ᠪᠠᠷ ᠤᠯᠠᠨ ᠲᠦᠮᠡᠨ ᠤ ᠳᠤᠷᠠᠲᠠᠶ᠎ᠠ ᠬᠦᠯᠢᠶᠡᠨ ᠠᠪᠬᠤ ᠨᠤᠲᠤᠭ ᠤᠨ ᠠᠶᠠᠯᠭᠤ ᠶᠢ ᠬᠡᠷᠡᠭᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠣᠯᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠤᠷᠤᠯᠴᠠᠭᠰᠠᠨ ᠲᠦᠷᠦᠭᠳᠡᠯ ᠪᠣᠯᠤᠨ ᠲᠦᠷᠦᠭᠳᠡᠯ ᠢᠶᠠᠨ ᠬᠤᠪᠢᠶᠠᠯᠴᠠᠵᠤ᠂ ᠲᠣᠰᠬᠤᠨ ᠤ ᠠᠷᠠᠳ ᠲᠠᠢ ᠬᠥᠳᠡᠭᠡ ᠲᠣᠰᠬᠤᠨ ᠤ ᠬᠥᠭᠵᠢᠯᠲᠡ ᠶᠢ ᠬᠠᠮᠲᠤᠪᠠᠷ ᠶᠠᠷᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃      ᠳ᠋ᠠ ᠲᠦᠩ ᠶᠣᠣ ᠰᠢᠶᠠᠩ ᠲᠥᠯᠥᠭᠡᠯᠡᠭᠴᠢ ᠭᠡᠰᠢᠭᠦᠳ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ︽ᠰᠢᠭᠤᠳ ᠨᠡᠪᠲᠡᠷᠡᠬᠦ ᠲᠡᠷᠭᠡ︾ ᠶᠢᠨ ᠳᠠᠪᠠᠭᠤᠯᠢᠭ ᠢ ᠠᠰᠢᠭᠯᠠᠨ᠂ ᠲᠥᠯᠥᠭᠡᠯᠡᠭᠴᠢ ᠭᠡᠰᠢᠭᠦᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠤᠯᠠᠨ ᠲᠦᠮᠡᠨ ᠤ ᠳᠤᠮᠳᠠ ᠣᠴᠢᠭᠤᠯᠵᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ ᠠᠷᠠᠳ ᠲᠦᠮᠡᠨ ᠤ ᠬᠡᠷᠡᠭᠴᠡᠭᠡ ᠶᠢ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠪᠠ᠃      ︽ᠡᠨᠡ ᠵᠢᠯ ᠤᠨ ᠤᠯᠠᠭᠠᠨ ᠪᠤᠷᠴᠠᠭ᠂ ᠲᠥᠮᠥᠰᠥ ᠶᠢᠨ ᠮᠦ ᠪᠦᠷᠢ ᠶᠢᠨ ᠤᠨᠠᠯᠲᠠ ᠬᠡᠳᠦᠢ ᠪᠤᠢ︖ ︽ᠦᠷ᠎ᠡ ᠠᠰᠢᠭ ᠨᠢ ᠶᠠᠮᠠᠷ ᠪᠤᠢ︖︾ ᠲᠥᠯᠥᠭᠡᠯᠡᠭᠴᠢ ᠭᠡᠰᠢᠭᠦᠳ ᠳ᠋ᠦᠩ ᠰᠠᠨ ᠳ᠋ᠤᠤ ᠭᠸᠦ ᠲᠣᠰᠬᠤᠨ ᠤ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠲᠠᠢ ᠵᠣᠭᠤᠭᠳᠠᠵᠤ᠂ ᠬᠥᠭᠵᠢᠯᠲᠡ ᠶᠢᠨ ᠲᠤᠬᠠᠶ ᠶᠠᠷᠢᠯᠴᠠᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠡᠭᠦᠨ ᠤ ᠬᠠᠮᠲᠤ᠂ ᠲᠥᠯᠥᠭᠡᠯᠡᠭᠴᠢ ᠭᠡᠰᠢᠭᠦᠳ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰ ᠪᠡᠶ᠎ᠡ ᠶᠢᠨ ᠬᠦᠷᠢᠶ᠎ᠡ ᠬᠡᠪᠴᠢᠶ᠎ᠡ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠳᠤ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠮᠡᠷᠭᠡᠵᠢᠯ ᠤᠨ ᠪᠣᠯᠪᠠᠰᠤᠷᠠᠭᠤᠯᠤᠯ᠂ ᠬᠡᠷ ᠲᠤᠨᠢ ᠬᠦᠷᠴᠦ ︽ᠠᠰᠠᠭᠤᠨ ᠯᠠᠪᠯᠠᠬᠤ︾ ᠵᠡᠷᠭᠡ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠬᠠᠩᠭᠠᠪᠠ᠃      ᠡᠭᠦᠨ ᠠᠴᠠ ᠭᠠᠳᠠᠨ᠎ᠠ᠂ ᠳ᠋ᠦᠩ ᠰᠠᠨ ᠳ᠋ᠤᠤ ᠭᠸᠦ ᠲᠣᠰᠬᠤᠨ ᠤ ᠬᠤᠯᠪᠣᠭ᠎ᠠ ᠠᠪᠬᠤ ᠥᠷᠲᠡᠭᠡ ᠶᠢᠨ ᠬᠠᠷᠢᠭᠤᠴᠠᠯᠭᠠᠲᠠᠨ ᠪᠠᠰᠠ ᠬᠡᠰᠡᠭ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠮᠤᠩ ᠴᠢᠯᠠᠭᠤ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ ᠪᠠᠶᠢᠴᠠᠭᠠᠨ ᠰᠤᠳᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠠᠭᠤᠳᠠᠯᠪᠠ᠃               ᠢᠷᠡᠯᠲᠡ᠄ ᠳ᠋ᠠ ᠲᠥᠩ ᠶᠣᠣ ᠰᠢᠶᠠᠩ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3