2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢᠨ ᠲᠥᠷᠥᠯ | ᠵᠦᠢᠯ ᠤᠨ ᠠᠬᠢᠴᠠ ᠶᠢ ᠤᠯᠠᠮ ᠨᠢᠭᠡ ᠠᠯᠬᠤᠮ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠪᠠᠲᠤᠯᠠᠭ᠎ᠠ ᠶᠢᠨ ᠲᠥᠷᠥᠯ ᠵᠦᠢᠯ ᠢ ᠡᠷᠲᠡᠬᠡᠨ ᠳᠠᠭᠤᠰᠬᠠᠬᠤ ᠶᠢᠨ ᠲᠥᠯᠥᠭᠡ᠂ 8 ᠰᠠᠷ᠎ᠠ ᠶᠢᠨ 1 ᠤ | ᠡᠳᠦᠷ᠂ ᠮᠠᠨ ᠤ ᠰᠢᠶᠠᠨ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠪᠡᠯᠡᠳᠬᠡᠯ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠤᠬᠠᠶ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ ᠠᠬᠢᠭᠤᠯᠤᠭᠰᠠᠨ ᠵᠢᠴᠢ ᠪᠠᠯᠠ | ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠶᠢᠨ ᠬᠢᠨ 2024 ᠣᠨ ᠤ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠤ ᠬᠡᠯᠡᠯᠴᠡᠭᠡᠷ ᠲᠠᠬᠢ ᠭᠦᠢᠴᠡᠳᠬᠡᠯ ᠲᠤᠭ᠎ᠠ ᠶᠢᠨ ᠡᠭᠦᠷᠭᠡ ᠶᠢᠨ ᠶᠣᠰᠣᠭᠠᠷ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠠᠵᠢᠯ ᠳᠠᠭᠤᠰᠬᠠᠵᠤ᠂ | ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ 2025 ᠣᠨ ᠤ ᠪᠡᠭᠡᠵᠢᠩ ᠥᠪᠥᠷ ᠮᠣᠩᠭᠤᠯ ᠤᠨ | ᠬᠠᠮᠵᠢᠯᠴᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ ᠵᠦᠢᠯ ᠢ ᠨᠠᠷᠢᠯᠢᠭ | ᠣᠨᠣᠪᠴᠢᠲᠠᠶ᠂ ᠥᠨᠳᠥᠷ ᠪᠦᠲᠦᠮᠵᠢᠲᠡᠶ ᠬᠡᠷᠡᠭᠵᠢᠭᠦᠯᠬᠦ ᠪᠠᠷ ᠴᠢᠷᠮᠠᠶᠢᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ | ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠪᠠᠶᠢᠭᠤᠯᠤᠨ ᠴᠣᠭᠴᠠᠯᠠᠬᠤ ᠬᠡᠷᠡᠭᠲᠡᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |