ᠰᠢᠩ ᠾᠧ ᠰᠢᠶᠠᠨ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
     2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢᠨ ᠲᠥᠷᠥᠯ ᠵᠦᠢᠯ ᠤᠨ ᠠᠬᠢᠴᠠ ᠶᠢ ᠤᠯᠠᠮ ᠨᠢᠭᠡ ᠠᠯᠬᠤᠮ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠠᠲᠤᠯᠠᠭ᠎ᠠ ᠶᠢᠨ ᠲᠥᠷᠥᠯ ᠵᠦᠢᠯ ᠢ ᠡᠷᠲᠡᠬᠡᠨ ᠳᠠᠭᠤᠰᠬᠠᠬᠤ ᠶᠢᠨ ᠲᠥᠯᠥᠭᠡ᠂ 8 ᠰᠠᠷ᠎ᠠ ᠶᠢᠨ 1 ᠤ ᠡᠳᠦᠷ᠂ ᠮᠠᠨ ᠤ ᠰᠢᠶᠠᠨ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ ᠠᠬᠢᠭᠤᠯᠤᠭᠰᠠᠨ ᠵᠢᠴᠢ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠶᠢᠨ ᠬᠢᠨ 2024 ᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠡᠯᠡᠯᠴᠡᠭᠡᠷ ᠲᠠᠬᠢ ᠭᠦᠢᠴᠡᠳᠬᠡᠯ ᠲᠤᠭ᠎ᠠ ᠶᠢᠨ ᠡᠭᠦᠷᠭᠡ ᠶᠢᠨ ᠶᠣᠰᠣᠭᠠᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠠᠵᠢᠯ ᠳᠠᠭᠤᠰᠬᠠᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ 2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ ᠵᠦᠢᠯ ᠢ ᠨᠠᠷᠢᠯᠢᠭ ᠣᠨᠣᠪᠴᠢᠲᠠᠶ᠂ ᠥᠨᠳᠥᠷ ᠪᠦᠲᠦᠮᠵᠢᠲᠡᠶ ᠬᠡᠷᠡᠭᠵᠢᠭᠦᠯᠬᠦ ᠪᠠᠷ ᠴᠢᠷᠮᠠᠶᠢᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠪᠠᠶᠢᠭᠤᠯᠤᠨ ᠴᠣᠭᠴᠠᠯᠠᠬᠤ ᠬᠡᠷᠡᠭᠲᠡᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3