ᠡᠷᠳᠡᠨᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠭᠠᠵᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/5
     ᠤᠬᠠᠭᠤᠯᠤᠨ ᠲᠠᠶᠢᠯᠪᠤᠷᠢᠯᠠᠬᠤ ᠳᠤᠮᠳᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠤᠯᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠪᠣᠯᠤᠨ ︽ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠴᠢ ᠬᠤᠯᠪᠣᠭᠳᠠᠯ ᠪᠣᠯᠤᠨ ᠭᠤᠣᠯ ᠰᠡᠳᠦᠪ᠂ ᠬᠡᠷᠬᠢᠨ ᠰᠤᠷᠤᠯᠴᠠᠨ ᠲᠤᠭᠤᠰᠢᠯᠠᠭᠤᠯᠬᠤ ᠵᠡᠷᠭᠡ ᠤᠯᠠᠨ ᠲᠠᠯ᠎ᠠ ᠠᠴᠠ ᠤᠯᠠᠨ ᠲᠠᠯ᠎ᠠ ᠠᠴᠠ ᠲᠠᠶᠢᠯᠤᠮᠵᠢ ᠬᠢᠵᠡᠢ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠵᠢᠦ ᠶᠢᠩ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠬᠦᠨ᠄ ︽ᠪᠢᠳᠡ ᠵᠠᠪᠠᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢᠨ ᠬᠠᠮᠲᠤ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠮᠠᠨ ᠤ ᠪᠣᠳᠠᠲᠠᠢ ᠠᠵᠢᠯ ᠢ ᠵᠢᠯᠣᠭᠤᠳᠴᠤ᠂ ᠪᠣᠳᠠᠲᠠᠢ ᠳᠤ ᠰᠠᠭᠤᠷᠢᠯᠠᠵᠤ᠂ ᠤᠨᠴᠠᠯᠢᠬᠳᠤ ᠲᠠᠷᠢᠮᠠᠯ᠂ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃      ᠲᠠᠷᠠᠭᠠᠴᠢ ᠶᠢᠨ ᠠᠯᠬᠤᠮ ᠳᠤ᠂ ᠡᠷᠳᠡᠨᠢ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ᠂ ᠥᠨᠳᠥᠷ ᠪᠠᠷᠢᠮᠵᠢᠶ᠎ᠠ ᠪᠠᠷ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠪᠠᠯᠭᠠᠰᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠦᠨᠡᠨ ᠬᠦ ᠪᠠᠲᠤᠯᠠᠨ᠎ᠠ᠃         ᠵᠤᠬᠢᠶᠠᠭᠴᠢ᠄ ᠡᠷᠳᠡᠨᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3